顶部轮播图
ᠥᠪᠥᠷ ᠮᠣᠩᠭᠣᠯ  ᠤᠨ ᠥᠮᠴᠢᠯᠡᠬᠦ ᠡᠷᠬᠡ ᠶᠢᠨ ᠨᠢᠭᠡ ᠦᠷᠳᠡᠭᠡᠯᠢᠭ ᠦᠢᠯᠡᠴᠢᠯᠡᠭᠡᠨ  ᠦ ᠲᠠᠪᠴᠠᠩ
2017.09.27 ᠲᠣᠰ ᠥᠷᠲᠡᠭᠡᠨ ᠦ ᠨᠠᠢᠷᠠᠭᠤᠯᠤᠭᠴᠢ

ᠥᠪᠥᠷ ᠮᠣᠩᠭᠣᠯ ᠟ᠣᠨ ᠮᠡᠷᠭᠡᠵᠢᠯ ᠰᠢᠯᠵᠢᠭᠦᠯᠬᠦ ᠵᠢᠴᠢ ᠮᠡᠳᠡᠯᠭᠡ ᠶᠢᠨ ᠥᠮᠴᠢᠯᠡᠬᠦ ᠡᠷᠬᠡ ᠶᠢᠨ ᠨᠢᠭᠡ ᠦᠷᠳᠡᠭᠡᠯᠢᠭ ᠦᠢᠯᠡᠴᠢᠯᠡᠭᠡᠨ ᠟ᠤ ᠲᠠᠪᠴᠠᠩ ᠟ᠢ ᠨᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠂ ᠠᠵᠤ ᠠᠬᠤᠶ ᠶᠢᠨ ᠬᠥᠭᠵᠢᠯᠲᠡ ᠶᠢᠨ ᠬᠡᠷᠡᠭᠴᠡᠭᠡ ᠂ ᠥᠪᠥᠷ ᠮᠣᠩᠭᠣᠯ ᠟ᠣᠨ ᠰᠢᠨᠵᠢᠯᠡᠬᠦ ᠤᠬᠠᠭᠠᠨ ᠮᠡᠷᠭᠡᠵᠢᠯ ᠟ᠣᠨ ᠲᠢᠩᠬᠢᠮ ᠂ ᠬᠥᠬᠡᠬᠣᠲᠠ  ᠶᠢᠨ ᠰᠢᠨᠵᠢᠯᠡᠬᠦ ᠤᠬᠠᠭᠠᠨ ᠮᠡᠷᠭᠡᠵᠢᠯ ᠦᠨ ᠲᠣᠪᠴᠢᠶ᠎ᠠ ᠂ ᠬᠥᠬᠡᠬᠣᠲᠠ ᠶᠢᠨ ᠰᠢᠨ᠎ᠡ ᠬᠣᠲᠠ ᠲᠣᠭᠣᠷᠢᠭ ᠤᠨ ᠵᠠᠰᠠᠭ ᠤᠨ ᠣᠷᠳᠣᠨ ᠬᠠᠮᠲᠤ ᠪᠠᠷ ᠪᠦᠳᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨ ᠮᠡᠷᠭᠡᠵᠢᠯ ᠦᠨ ᠲᠥᠷᠥᠯ ᠦᠨ ᠶᠡᠷᠦᠩᠬᠡᠶᠢᠯᠡᠭᠰᠡᠨ ᠦᠢᠯᠡᠴᠢᠯᠡᠭᠡᠨ ᠟ᠤ ᠲᠠᠪᠴᠠᠩ ᠲᠤᠰ ᠲᠠᠪᠴᠠᠩ ᠥᠷᠥᠮᠳᠡᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠂ ᠣᠷᠣᠨ ᠟ᠤ ᠳᠣᠲᠣᠷ᠎ᠠ ᠭᠠᠳᠠᠨᠠᠬᠢ ᠡᠯ᠎ᠡ ᠲᠥᠷᠥᠯ ᠦᠨ ᠰᠢᠨᠵᠢᠯᠡᠬᠦ ᠤᠬᠠᠭᠠᠨ ᠮᠡᠷᠭᠡᠵᠢᠯ ᠦᠨ ᠮᠡᠳᠡᠯᠭᠡ ᠶᠢᠨ ᠪᠦᠲᠦᠭᠡᠭᠳᠡᠬᠦᠨ ᠦ ᠡᠷᠬᠡ ᠲᠡᠶ ᠂ ᠰᠢᠨ᠎ᠡ ᠶᠢ ᠡᠭᠦᠳᠬᠦ 《 ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ  + ᠲᠤᠮᠤ ᠳ᠋ᠠᠶᠢᠲ᠋ᠠ  + ᠮᠡᠷᠭᠡᠵᠢᠯ ᠦᠨ ᠰᠢᠯᠵᠢᠯᠲᠡ 》 ᠦᠢᠯᠡᠴᠢᠯᠡᠭᠡᠨ ᠟ᠤ ᠬᠡᠪ ᠵᠠᠭᠪᠤᠷ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠦᠨ ᠪᠦᠬᠦ ᠪᠥᠮᠪᠥᠷᠴᠡᠭ ᠦᠨ ᠠᠵᠤ ᠠᠬᠤᠶᠢᠯᠠᠯ ᠳᠤ ᠬᠠᠩᠭᠠᠬᠤ ᠬᠡᠷᠡᠭᠲᠡᠶ ᠂ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠶᠡᠬᠡ ᠲᠣᠭ᠎ᠠ ᠪᠠᠷᠢᠮᠲᠠ ᠶᠢᠨ ᠮᠡᠳᠡᠭᠡ ᠵᠠᠩᠭᠢ ᠶᠢ ᠂ ᠮᠡᠳᠡᠯᠭᠡ ᠥᠮᠴᠢᠯᠡᠬᠦ ᠡᠷᠬᠡ ᠶᠢᠨ ᠬᠠᠮᠠᠭᠠᠯᠠᠯᠲᠠ , ᠬᠠᠮᠢᠶᠠᠷᠤᠯᠲᠠ , ᠠᠵᠢᠯᠯᠠᠬᠤ , ᠡᠷᠬᠡ ᠪᠡᠨ ᠳᠠᠨᠵᠢᠯᠠᠵᠤ ᠪᠡᠯᠡ ᠲᠣᠬᠢᠷᠠᠭᠤᠯᠬᠤ ᠂ ᠰᠢᠨᠵᠢᠯᠡᠬᠦ ᠤᠬᠠᠭᠠᠨ ᠮᠡᠷᠭᠡᠵᠢᠯ ᠦᠨ ᠦᠷ᠎ᠡ ᠪᠦᠲᠦᠭᠡᠯ ᠦᠨ ᠳᠡᠯᠭᠡᠨ ᠦᠵᠡᠭᠦᠯᠬᠦ ᠂ ᠠᠷᠠᠯᠵᠢᠶᠠᠯᠠᠬᠤ ᠵᠡᠷᠭᠡ ᠲᠤᠰᠬᠠᠶ ᠦᠢᠯᠡᠴᠢᠯᠡᠭᠡ ᠬᠠᠩᠭᠠᠨ᠎ᠠ ᠃ ᠵᠣᠷᠢᠯᠭ᠎ᠠ ᠨᠢ ᠠᠵᠤ ᠠᠬᠤᠶᠢᠯᠠᠯ ᠢ ᠬᠥᠲᠥᠯᠥᠨ ᠵᠢᠯᠣᠭᠣᠳᠴᠤ ᠪᠠᠶᠢᠭᠠᠳ ᠳᠡᠭᠡᠭᠰᠢᠯᠡᠭᠦᠯᠵᠦ ᠂ ᠪᠡᠶ᠎ᠡ ᠪᠡᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠦ ᠡᠷᠬᠡ ᠲᠡᠶ ᠣᠯᠤᠭᠰᠠᠨ ᠂ ᠬᠠᠮᠠᠭᠠᠯᠠᠬᠤ , ᠬᠡᠷᠡᠭᠵᠢᠭᠦᠯᠬᠦ , ᠬᠠᠮᠢᠶᠠᠷᠬᠤ ᠴᠢᠳᠠᠪᠤᠷᠢ ᠪᠣᠯᠤᠨ ᠬᠢᠷᠢ ᠬᠡᠮᠵᠢᠶ᠎ᠡ ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠳᠠᠯᠳᠠ ᠭᠡᠮ ᠪᠠ ᠠᠶᠤᠯ ᠲᠦᠭᠰᠢᠭᠦᠷᠢ ᠶᠢ ᠰᠢᠶᠳᠪᠦᠷᠢᠯᠡᠬᠦ ᠂ ᠬᠠᠪᠰᠤᠷᠴᠤ ᠠᠵᠤ ᠠᠬᠤᠶᠢᠯᠠᠯ ᠤᠨ ᠭᠣᠣᠯᠯᠠᠬᠤ ᠥᠷᠢᠰᠥᠯᠳᠦᠬᠦ ᠬᠦᠴᠦᠨ ᠢ ᠪᠠᠶᠢᠭᠤᠯᠵᠤ ᠂ ᠥᠪᠥᠷ ᠮᠣᠩᠭᠣᠯ ᠤᠨ ᠰᠢᠨ᠎ᠡ ᠲᠧᠭᠨᠢᠭ ᠮᠡᠷᠭᠡᠵᠢᠯ ᠵᠢᠴᠢ ᠪᠡᠶ᠎ᠡ ᠪᠡᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠦ ᠡᠷᠬᠡ ᠦᠷ᠎ᠡ ᠪᠦᠲᠦᠭᠡᠯ ᠢ ᠬᠤᠪᠢᠷᠠᠭᠤᠯᠬᠤ ᠠᠬᠢᠴᠠ ᠶᠢ ᠠᠬᠢᠭᠤᠯᠬᠤ ᠂ ᠣᠷᠣᠨ ᠪᠦᠰᠡ ᠶᠢᠨ ᠰᠢᠨ᠎ᠡ ᠶᠢ ᠡᠭᠦᠳᠬᠦ ᠠᠳᠠᠯ ᠦᠢᠯᠡᠰ ᠪᠦᠲᠦᠭᠡᠬᠦ ᠣᠷᠴᠢᠨ ᠨᠥᠬᠥᠴᠡᠯ ᠢ ᠰᠢᠯᠢᠳᠡᠭᠵᠢᠭᠦᠯᠵᠦ ᠂ ᠥᠪᠥᠷ ᠮᠣᠩᠭᠣᠯ ᠤᠨ ᠠᠵᠤ ᠠᠬᠤᠶ ᠶᠢᠨ ᠬᠥᠭᠵᠢᠯᠲᠡ ᠳᠦ ᠰᠢᠨ᠎ᠡ ᠬᠥᠳᠡᠯᠭᠡᠭᠴᠢ ᠡᠨᠧᠷᠭᠢ ᠂ ᠥᠪᠥᠷ ᠮᠣᠩᠭᠣᠯ ᠤᠨ ᠪᠥᠲᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠂ ᠰᠢᠨ᠎ᠡ ᠶᠢ ᠡᠭᠦᠳᠬᠦ ᠬᠡᠯᠪᠡᠷᠢ ᠶᠢᠨ ᠬᠠᠷᠢᠨ ᠴᠣᠭᠴᠠᠯᠠᠨ ᠪᠠᠶᠢᠭᠤᠯᠤᠭᠰᠠᠨ ᠨᠢᠭᠡ ᠯᠡ ᠥᠷᠲᠡᠭᠡᠨ ᠦ  ᠮᠠᠶᠢᠭ ᠤᠨ ᠦᠢᠯᠡᠴᠢᠯᠡᠭᠡᠨ ᠦ ᠲᠠᠪᠴᠠᠩ ᠢ ᠪᠠᠶᠢᠭᠤᠯᠤᠨ᠎ᠠ ᠃ 

ᠡᠮᠦᠨᠡᠬᠢ ᠵᠣᠬᠢᠶᠠᠯ4
ᠳᠠᠷᠠᠭᠠᠬᠢ ᠵᠣᠬᠢᠶᠠᠯ9999
ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ