IP ᠮᠡᠳᠡᠯᠭᠡ
ᠶᠠᠮᠠᠷ ᠶᠠᠮᠠᠷ ᠰᠠᠯᠠᠭ᠎ᠠ ᠮᠥᠴᠢᠷ  ᠨᠢ ᠤᠷᠭᠤᠮᠠᠯ ᠤᠨ ᠰᠢᠨ᠎ᠡ ᠡᠭᠦᠯᠳᠡᠷ  ᠤᠨ ᠡᠷᠬᠡ ᠶᠢ ᠬᠢᠨᠠᠨ ᠵᠥᠪᠰᠢᠶᠡᠷᠡᠬᠦ ᠪᠠ ᠬᠠᠮᠢᠶᠠᠷᠬᠤ ᠠᠵᠢᠯ ᠢ ᠬᠠᠷᠢᠭᠤᠴᠠᠬᠤ ᠪᠤᠢ ︖
2018.12.25 ᠲᠣᠰ ᠥᠷᠲᠡᠭᠡᠨ ᠦ ᠨᠠᠢᠷᠠᠭᠤᠯᠤᠭᠴᠢ

( ᠨᠢᠭᠡ ) ᠲᠠᠷᠢᠶᠠᠯᠠᠩ ᠤᠨ ᠶᠠᠮᠤᠨ  ᠃ ᠬᠥᠳᠡᠭᠡ ᠠᠵᠤ ᠠᠬᠤᠶ ᠶᠢᠨ ᠤᠷᠭᠤᠮᠠᠯ ᠤᠨ ᠰᠢᠨ᠎ᠡ ᠡᠭᠦᠯᠳᠡᠷ  ᠦᠨ ᠡᠷᠬᠡ ᠶᠢ ᠬᠢᠨᠠᠨ ᠵᠥᠪᠰᠢᠶᠡᠷᠡᠬᠦ ᠪᠠᠶᠢᠭᠤᠯᠭ᠎ᠠ ᠮᠥᠨ᠂ ᠬᠥᠳᠡᠭᠡ ᠠᠵᠤ ᠠᠬᠤᠶ ᠶᠢᠨ ᠶᠠᠮᠤᠨ ᠤᠷᠭᠤᠮᠠᠯ ᠤᠨ ᠰᠢᠨ᠎ᠡ ᠡᠭᠦᠯᠳᠡᠷ  ᠦᠨ ᠬᠠᠮᠠᠭᠠᠯᠠᠯᠲᠠ ᠶᠢᠨ ᠠᠯᠪᠠᠨ ᠭᠡᠷ ᠲᠦᠷᠦᠯ ᠵᠦᠢᠯ ᠦᠨ ᠡᠷᠬᠡ ᠶᠢᠨ ᠭᠤᠶᠤᠴᠢᠯᠠᠯ ᠢ ᠬᠦᠯᠢᠶᠠᠨ ᠠᠪᠴᠤ ᠰᠢᠶᠳᠪᠦᠷᠢᠯᠡᠬᠦ ᠪᠠ ᠬᠢᠨᠠᠨ ᠪᠠᠶᠢᠴᠠᠭᠠᠬᠤ ᠡᠭᠦᠷᠭᠡ ᠶᠢ  ᠡᠭᠦᠷᠭᠡᠯᠡᠬᠦ  ᠪᠥᠭᠡᠳ ᠪᠤᠰᠤᠳ ᠬᠣᠯᠪᠣᠭᠳᠠᠯ ᠪᠦᠬᠦᠢ ᠬᠡᠷᠡᠭ ᠶᠠᠪᠤᠳᠠᠯ ᠢ ᠬᠠᠮᠢᠶᠠᠷᠤᠨ᠎ᠠ  ᠃

( ᠬᠣᠶᠠᠷ ) ᠤᠯᠤᠰ ᠤᠨ ᠤᠢ ᠰᠢᠭᠤᠶ ᠶᠢᠨ ᠲᠣᠪᠴᠢᠶ᠎ᠠ ᠶᠢᠨ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠠᠯᠪᠠᠨ ᠭᠡᠷ ᠃ ᠤᠯᠤᠰ ᠤᠨ ᠤᠢ ᠰᠢᠭᠤᠶ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠪᠦᠬᠦᠢ ᠵᠢᠩᠬᠢᠨᠢ ᠵᠤᠷᠭᠠᠨ ᠲᠣᠪᠴᠢᠶᠠᠨ ᠤ ᠳᠡᠰ ᠤᠨ ᠠᠵᠢᠯ ᠦᠢᠯᠡᠰ ᠦᠨ ᠨᠢᠭᠡᠴᠢ ᠪᠣᠯᠤᠨ᠎ᠠ ᠃ ᠬᠠᠷᠢᠭᠤᠴᠠᠨ ᠤᠢ ᠰᠢᠭᠤᠶ ᠶᠢᠨ ᠤᠷᠭᠤᠮᠠᠯ ᠤᠨ ᠰᠢᠨ᠎ᠡ ᠡᠭᠦᠯᠳᠡᠷ ᠦᠨ ᠡᠷᠬᠡ  ᠶᠢᠨ  ᠭᠤᠶᠤᠴᠢᠯᠠᠨ᠂ ᠬᠦᠯᠢᠶᠠᠨ ᠠᠪᠴᠤ ᠰᠢᠳᠪᠤᠷᠢᠯᠡᠬᠦ ᠶᠢ  ᠬᠠᠷᠢᠭᠤᠴᠠᠨ ᠤᠷᠭᠤᠮᠠᠯ ᠤᠨ ᠰᠢᠨ᠎ᠡ ᠡᠭᠦᠯᠳᠡᠷ ᠦᠨ ᠡᠷᠬᠡ ᠶᠢ ᠬᠠᠮᠠᠭᠠᠯᠠᠬᠤ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠰᠢᠯᠭᠠᠯᠲᠠ ᠂ ᠬᠠᠳᠠᠭᠠᠯᠠᠬᠤ ᠲᠤᠬᠠᠶᠢᠯᠠᠭᠰᠠᠨ ᠠᠵᠢᠯ ᠬᠢᠬᠦ ᠵᠡᠷᠭᠡ ᠶᠢ  ᠵᠣᠬᠢᠶᠠᠨ ᠪᠠᠢᠭᠤᠯᠤᠨ᠎ᠠ ᠃

( ᠭᠤᠷᠪᠠ )ᠣᠷᠣᠨ ᠨᠤᠲᠤᠭ ᠤᠨ ᠲᠠᠷᠢᠶᠠᠯᠠᠩ ᠂ ᠤᠢ ᠰᠢᠭᠤᠶ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠃ ( 1 ) ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠂ ᠤᠢ ᠰᠢᠭᠤᠶ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠡᠴᠡ ᠲᠤᠰ ᠲᠤᠰ ᠤᠨ ᠡᠷᠬᠡ ᠲᠤᠰᠢᠶᠠᠯ ᠢᠶᠠᠨ ᠦᠨᠳᠦᠰᠦᠯᠡᠨ ᠡᠷᠬᠡ  ᠳᠤ ᠬᠠᠯᠳᠠᠭᠰᠠᠨ ᠬᠡᠷᠡᠭ ᠢ ᠰᠢᠳᠪᠤᠷᠢᠯᠠᠨ᠎ᠠ ᠃ ᠲᠤᠬᠠᠶ ᠶᠢᠨ ᠬᠥᠮᠦᠨ ᠦ ᠰᠠᠢᠢᠨ ᠳᠤᠷ᠎ᠠ ᠶᠢᠨ ᠵᠠᠷᠴᠢᠮ ᠢ ᠦᠨᠳᠦᠰᠦᠯᠡᠨ ᠂ ᠡᠷᠬᠡ ᠳᠦ ᠬᠠᠯᠳᠠᠭᠠᠳ ᠪᠤᠢ ᠪᠣᠯᠭᠠᠭᠰᠠᠨ ᠬᠣᠬᠢᠷᠠᠯ ᠢ ᠲᠦᠯᠦᠬᠦ ᠶᠠᠪᠤᠳᠠᠯ ᠳᠤ ᠡᠶᠡᠳᠡᠭᠦᠯᠭᠡ  ᠬᠢᠨ᠎ᠡ ᠃ (2) ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠂ ᠤᠢ ᠰᠢᠭᠤᠶ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠡᠴᠡ ᠲᠤᠰ ᠲᠤᠰ ᠤᠨ ᠡᠷᠬᠡ ᠲᠤᠰᠢᠶᠠᠯ ᠢᠶᠠᠨ ᠦᠨᠳᠦᠰᠦᠯᠡᠨ ᠬᠤᠳᠠᠯ ᠢᠶᠠᠷ ᠡᠷᠬᠡ ᠣᠯᠭᠣᠭᠰᠠᠨ ᠡᠭᠦᠯᠳᠡᠷ  ᠤᠨ ᠬᠡᠷᠡᠭ ᠢ ᠪᠠᠶᠢᠴᠠᠭᠠᠨ  ᠰᠢᠳᠪᠤᠷᠢᠯᠠᠨ᠎ᠠ ᠃

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ