IP ᠮᠡᠳᠡᠯᠭᠡ
ᠵᠣᠬᠢᠶᠠᠯ ᠪᠦᠲᠦᠭᠡᠯ ᠦᠨ ᠡᠷᠬᠡ ᠳᠦ ᠶᠠᠮᠠᠷ ᠶᠠᠮᠠᠷ ᠡᠷᠬᠡ ᠲᠡᠶ ᠪᠠᠶᠢᠳᠠᠭ ᠪᠤᠢ ︖
2018.06.19 ᠲᠣᠰ ᠥᠷᠲᠡᠭᠡᠨ ᠦ ᠨᠠᠢᠷᠠᠭᠤᠯᠤᠭᠴᠢ

ᠵᠣᠬᠢᠶᠠᠯ ᠪᠦᠲᠦᠭᠡᠯ ᠦᠨ ᠡᠷᠬᠡ ᠶᠢᠨ ᠬᠥᠮᠦᠨ ᠦ ᠪᠡᠶ᠎ᠡ ᠶᠢᠨ ᠡᠷᠬᠡ ᠪᠠ ᠡᠳ᠋ ᠬᠦᠷᠦᠩᠭᠡ ᠶᠢᠨ ᠡᠷᠬᠡ ᠪᠠᠭᠲᠠᠨ᠎ᠠ ᠃

( ᠨᠢᠭᠡ ) ᠬᠥᠮᠦᠨ ᠦ ᠪᠡᠶ᠎ᠡ ᠶᠢᠨ ᠡᠷᠬᠡ  ᠳᠦ ᠭᠣᠣᠯᠳᠠᠭᠤ ᠄ ᠨᠡᠶᠢᠲᠡᠯᠡᠬᠦ ᠡᠷᠬᠡ ᠂ ᠨᠡᠷ᠎ᠡ ᠪᠢᠴᠢᠬᠦ ᠡᠷᠬᠡ ᠂ ᠵᠠᠰᠠᠬᠤ ᠡᠷᠬᠡ ᠂ ᠵᠣᠬᠢᠶᠠᠯ ᠪᠦᠲᠦᠭᠡᠯ ᠦᠨ ᠪᠦᠷᠢᠨ ᠪᠦᠲᠦᠨ ᠪᠠᠶᠢᠬᠤ ᠡᠷᠬᠡ ᠶᠢ ᠬᠠᠮᠠᠭᠠᠯᠠᠬᠤ ᠵᠡᠷᠭᠡ ᠪᠠᠭᠲᠠᠨ᠎ᠠ᠃

( ᠬᠣᠶᠠᠷ )ᠡᠳ᠋ ᠬᠦᠷᠦᠩᠭᠡ ᠶᠢᠨ ᠡᠷᠬᠡ ᠳᠦ ᠭᠣᠣᠯᠳᠠᠭᠤ ᠄ ᠪᠠᠭᠤᠯᠭᠠᠵᠤ ᠠᠪᠬᠤ ᠡᠷᠬᠡ ᠂ ᠲᠠᠷᠬᠠᠭᠠᠬᠤ ᠡᠷᠬᠡ ᠂ ᠲᠦᠷᠢᠶᠡᠰᠦᠯᠡᠭᠦᠯᠬᠦ ᠡᠷᠬᠡ ᠂ ᠦᠵᠡᠰᠬᠦᠯᠡᠩ ᠭᠠᠷᠭᠠᠬᠤ ᠡᠷᠬᠡ ᠂ ᠲᠣᠭᠯᠠᠬᠤ ᠡᠷᠬᠡ ᠂ ᠺᠢᠨᠣ᠋ ᠬᠤᠸᠠᠨᠳᠧᠩ ᠭᠠᠷᠭᠠᠬᠤ ᠡᠷᠬᠡ ᠂ ᠨᠡᠪᠲᠡᠷᠡᠭᠦᠯᠬᠦ ᠡᠷᠬᠡ ᠂ ᠮᠡᠳᠡᠭᠡ ᠵᠠᠩᠭᠢ ᠶᠢᠨ ᠲᠣᠣᠷ ᠰᠦᠯᠵᠢᠶ᠎ᠡ ᠪᠡᠷ ᠤᠯᠠᠮᠵᠢᠯᠠᠨ ᠲᠠᠷᠬᠠᠭᠠᠬᠤ ᠡᠷᠬᠡ ᠂ ᠰᠡᠭᠦᠳᠡᠷᠯᠡᠬᠦ ᠡᠷᠬᠡ ᠂ ᠥᠭᠡᠷᠡᠴᠢᠯᠡᠨ ᠨᠠᠶᠢᠷᠠᠭᠤᠯᠬᠤ ᠡᠷᠬᠡ ᠂ ᠣᠷᠴᠢᠭᠤᠯᠬᠤ ᠡᠷᠬᠡ ᠂ ᠡᠮᠬᠢᠳᠬᠡᠬᠦ ᠡᠷᠬᠡ  ᠪᠠᠭᠲᠠᠨ᠎ᠠ᠃

( ᠭᠤᠷᠪᠠ ) ᠵᠣᠬᠢᠶᠠᠯ ᠪᠦᠲᠦᠭᠡᠯ ᠦᠨ ᠡᠷᠬᠡᠲᠦ ᠬᠥᠮᠦᠨ ᠦ ᠡᠳ᠋ᠯᠡᠬᠦ ᠶᠣᠰᠣᠲᠠᠶ ᠪᠤᠰᠤᠳ ᠡᠷᠬᠡ ᠃

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ