IP ᠮᠡᠳᠡᠯᠭᠡ
ᠵᠣᠬᠢᠶᠠᠯ ᠪᠦᠲᠦᠭᠡᠯ ᠦᠨ ᠡᠷᠬᠡ ᠶᠢᠨ ᠬᠥᠷᠰᠢ ᠡᠷᠬᠡ ᠭᠡᠵᠦ ᠶᠠᠭᠤ ᠪᠤᠢ︖ ᠶᠠᠮᠠᠷ ᠠᠭᠤᠯᠭ᠎ᠠ ᠨᠤᠭᠤᠳ ᠪᠠᠭᠲᠠᠬᠤ ᠪᠤᠢ ︖
2018.06.19 ᠲᠣᠰ ᠥᠷᠲᠡᠭᠡᠨ ᠦ ᠨᠠᠢᠷᠠᠭᠤᠯᠤᠭᠴᠢ

ᠮᠠᠨ ᠤ ᠤᠯᠤᠰ ᠤᠨ 《 ᠵᠣᠬᠢᠶᠠᠯ ᠪᠦᠲᠦᠭᠡᠯ ᠦᠨ ᠡᠷᠬᠡ ᠶᠢᠨ ᠬᠠᠤᠯᠢ 》 ᠳ᠋ᠤ 《 ᠵᠣᠬᠢᠶᠠᠯ ᠪᠦᠲᠦᠭᠡᠯ ᠦᠨ ᠡᠷᠬᠡ ᠳᠦ ᠬᠣᠯᠪᠣᠭᠳᠠᠬᠤ ᠡᠷᠬᠡ ᠠᠰᠢᠭ 》ᠭᠡᠳᠡᠭ ᠨᠢ ᠶᠡᠷᠦ  ᠳᠡᠭᠡᠨ ᠬᠡᠪᠯᠡᠭᠴᠢ ᠂ ᠲᠣᠭᠯᠠᠭᠴᠢ ᠂ ᠲᠡᠭᠤ ᠰᠢᠩᠭᠡᠭᠡᠯᠲᠡ ᠳᠦᠷᠰᠦ ᠰᠢᠩᠭᠡᠭᠡᠯᠲᠡ ᠬᠢᠭᠴᠢ ᠪᠠ ᠷᠠᠳᠢᠣ᠋ ᠨᠡᠪᠲᠡᠷᠡᠭᠦᠯᠭᠡ ᠲᠧᠯᠸᠢᠰ ᠤᠨ ᠵᠣᠬᠢᠶᠠᠨ ᠪᠠᠶᠢᠭᠤᠯᠤᠯᠲᠠ ᠢ᠋ᠢᠨ ᠬᠡᠪᠯᠡᠯ ᠦᠨ ᠠᠵᠢᠯᠯᠠᠭ᠎ᠠ ᠂ ᠲᠣᠭᠯᠠᠯᠲᠠ ᠶᠢᠨ ᠠᠵᠢᠯᠯᠠᠭ᠎ᠠ ᠂ ᠲᠡᠭᠤ ᠳᠦᠷᠰᠦ ᠰᠢᠩᠭᠡᠭᠡᠯᠲᠡ ᠶᠢᠨ ᠦᠢᠯᠡᠳᠬᠦᠨ ᠪᠣᠯᠤᠨ ᠷᠠᠳᠢᠣ᠋ ᠨᠡᠪᠲᠡᠷᠡᠭᠦᠯᠭᠡ ᠲᠧᠯᠸᠢᠰ ᠦᠨ ᠫᠷᠤᠭ᠍ᠷᠠᠮ ᠤᠨ ᠡᠳ᠋ᠯᠡᠬᠦ ᠲᠠᠢ ᠠᠳᠠᠯᠢᠪᠲᠤᠷ ᠨᠢᠭᠡ ᠵᠦᠢᠯ ᠦᠨ ᠵᠣᠬᠢᠶᠠᠯ ᠪᠦᠲᠦᠭᠡᠯ ᠦᠨ ᠡᠷᠬᠡ ᠶᠢᠨ ᠡᠷᠬᠡ ᠶ᠋ᠢ  ᠵᠢᠭᠠᠵᠤ ᠪᠠᠢᠳᠠᠭ ᠃

( ᠨᠢᠭᠡ ) ᠬᠡᠪᠯᠡᠭᠦᠯᠦᠭᠴᠢ ᠶᠢᠨ ᠡᠷᠬᠡ ᠳᠦ ᠄ ᠬᠡᠪᠯᠡᠭᠦᠯᠦᠭᠴᠢ ᠨᠢ ᠬᠡᠪᠯᠡᠭᠦᠯᠬᠦ ᠨᠣᠮ ᠪᠢᠴᠢᠭ᠌ ᠂ ᠬᠤᠭᠤᠴᠠᠭᠠᠲᠤ ᠰᠡᠳᠬᠦᠯ ᠦᠨ ᠬᠡᠪᠯᠡᠯ ᠦᠨ ᠵᠠᠭᠪᠤᠷ ᠵᠢᠷᠤᠭ  ᠢ ᠬᠡᠷᠡᠭᠯᠡᠨ ᠡᠳ᠋ᠯᠡᠬᠦ ᠲᠤᠰᠬᠠᠶ ᠬᠡᠷᠡᠭᠯᠡᠬᠦ ᠡᠷᠬᠡ ᠂ ᠪᠠᠰᠠ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠡᠳ᠋ᠯᠡᠬᠦ ᠲᠤᠰᠬᠠᠶ ᠭᠡᠪᠯᠡᠬᠦ ᠡᠷᠬᠡ ᠵᠢᠴᠢ ᠵᠣᠬᠢᠶᠠᠯ ᠪᠦᠲᠦᠭᠡᠯ ᠦᠨ ᠡᠷᠬᠡᠲᠦ ᠬᠥᠮᠦᠨ ᠦ ᠵᠥᠪᠰᠢᠶᠡᠷᠡᠭᠰᠡᠨ ᠪᠦᠲᠦᠭᠡᠯ ᠳᠦᠨᠢ ᠦᠭᠡ ᠥᠭᠦᠯᠡᠪᠦᠷᠢ ᠶᠢᠨ ᠲᠠᠯ᠎ᠠ ᠪᠠᠷ ᠬᠢ ᠵᠠᠰᠠᠪᠤᠷᠢ ᠣᠷᠣᠭᠤᠯᠬᠤ ᠡᠷᠬᠡ  ᠪᠠᠭᠲᠠᠨ᠎ᠠ᠃

( ᠬᠣᠶᠠᠷ ) ᠲᠣᠭᠯᠠᠭᠴᠢ ᠶᠢᠨ ᠡᠷᠬᠡ ᠳᠦ ᠄ ᠲᠤᠬᠠᠶᠢᠯᠠᠪᠠᠯ ᠲᠣᠭᠯᠠᠭᠴᠢ ᠲᠡᠭᠦᠨ ᠦ ᠳᠤᠭᠯᠠᠭᠰᠠᠨ ᠪᠦᠳᠦᠭᠡᠯ ᠳᠦ ᠪᠡᠨ ᠲᠣᠭᠯᠠᠭᠴᠢ ᠶᠢᠨ ᠬᠢᠷᠢ ᠬᠡᠮ ᠢᠶᠡᠨ ᠲᠣᠳᠣᠷᠬᠠᠶᠢᠯᠠᠬᠤ ᠡᠷᠬᠡ᠂ ᠲᠣᠭᠯᠠᠬᠤ ᠲᠤᠢᠷᠢ ᠪᠡᠨ ᠭᠠᠵᠢᠭᠤᠳᠠᠭᠤᠯᠬᠤ ᠦᠭᠡᠢ ᠪᠠᠶᠢᠬᠤ ᠶᠢ ᠬᠠᠮᠠᠭᠠᠯᠠᠬᠤ᠂ ᠲᠡᠭᠦᠨ ᠦ ᠲᠤᠬᠠᠶ ᠶᠢᠨ ᠭᠠᠵᠠᠷ  ᠤᠨ ᠲᠣᠭᠯᠠᠯᠲᠠ ᠶᠢ ᠨᠢ ᠪᠤᠰᠤᠳ ᠬᠥᠮᠦᠨ ᠦ ᠲᠤᠬᠠᠶ ᠶᠢᠨ ᠲᠠᠯᠠᠪᠤᠷ ᠠᠴᠠ ᠰᠢᠭᠤᠳ ᠨᠡᠪᠲᠡᠷᠡᠭᠦᠯᠬᠦ ᠪᠤᠶᠤ ᠢᠯᠠ ᠪᠡᠷ ᠳᠠᠮᠵᠢᠭᠤᠯᠬᠤ ᠶᠢ ᠵᠥᠪᠰᠢᠶᠡᠷᠡᠬᠦ ᠶᠢᠨ ᠬᠠᠮᠲᠤ ᠬᠠᠷᠠᠮᠵᠢ ᠤᠯᠬᠤ᠂ ᠪᠤᠰᠤᠳ ᠬᠥᠮᠦᠨ ᠦ ᠲᠡᠭᠤ ᠰᠢᠩᠭᠡᠭᠡᠬᠦ ᠳᠦᠷᠰᠦ ᠰᠢᠩᠭᠡᠭᠡᠬᠦ ᠶᠢ ᠵᠥᠪᠰᠢᠶᠡᠷᠡᠬᠦ ᠶᠢᠨ ᠬᠠᠮᠲᠤ ᠬᠠᠷᠠᠮᠵᠢ ᠤᠯᠬᠤ ᠂ ᠪᠤᠰᠤᠳ  ᠤᠨ ᠪᠠᠭᠤᠯᠭᠠᠬᠤ ᠂ ᠲᠠᠷᠬᠠᠭᠠᠬᠤ ᠂ ᠲᠣᠭᠯᠠᠯᠲᠠ ᠶᠢ ᠨᠢ ᠰᠢᠩᠭᠡᠭᠡᠭᠰᠡᠨ ᠲᠡᠭᠤ ᠰᠢᠩᠭᠡᠭᠡᠯᠲᠡ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ  ᠢ ᠵᠥᠪᠰᠢᠶᠡᠷᠡᠬᠦ ᠶᠢᠨ ᠬᠠᠮᠲᠤ ᠬᠠᠷᠠᠮᠵᠢ ᠤᠯᠬᠤ ᠂ ᠪᠤᠰᠤᠳ ᠬᠥᠮᠦᠨ  ᠤ᠋ ᠮᠡᠳᠡᠭᠡ ᠵᠠᠩᠭᠢ ᠶᠢᠨ ᠲᠣᠣᠷ ᠰᠦᠯᠵᠢᠶ᠎ᠡ ᠪᠡᠷ ᠲᠡᠭᠦᠨ ᠦ ᠲᠣᠭᠯᠠᠯᠲᠠ ᠶᠢ ᠤᠯᠡᠠ ᠨᠡᠶᠢᠲᠡ ᠳᠦ ᠤᠯᠠᠮᠵᠢᠯᠠᠬᠤ ᠶ᠋ᠢᠵᠦᠪᠰᠢᠶᠡᠷᠷᠡᠬᠦ ᠬᠠᠮᠲᠤ ᠬᠠᠷᠠᠮᠵᠢ ᠤᠯᠬᠤ ᠵᠡᠷᠭᠡ ᠡᠷᠬᠡ ᠪᠠᠭᠲᠠᠨ᠎ᠠ ᠃

( ᠭᠤᠷᠪᠠ ) ᠳᠠᠭᠤ ᠰᠢᠩᠭᠡᠭᠡᠯᠲᠡ ᠳᠦᠷᠰᠦ ᠰᠢᠩᠭᠡᠭᠡᠯᠲᠡ ᠦᠢᠯᠡᠳᠦᠭᠴᠢ ᠶᠢᠨ ᠡᠷᠬᠡ ᠄ ᠲᠡᠭᠤ ᠰᠢᠩᠭᠡᠭᠡᠯᠲᠡ ᠳᠦᠷᠰᠦ ᠰᠢᠩᠭᠡᠭᠡᠯᠲᠡ ᠬᠢᠭᠴᠢ  ᠨᠢ ᠲᠡᠭᠦᠨ ᠦ ᠦᠢᠯᠡᠳᠦᠭᠰᠡᠨ ᠲᠡᠭᠤ ᠰᠢᠩᠭᠡᠭᠡᠯᠲᠡ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ  ᠢ ᠪᠤᠰᠤᠳ  ᠤᠨ ᠪᠠᠭᠤᠯᠭᠠᠬᠤ ᠂ ᠲᠠᠷᠬᠠᠭᠠᠬᠤ᠂ ᠲᠦᠷᠢᠶᠡᠰᠦᠯᠡᠭᠦᠯᠬᠦ ᠂ᠮᠡᠳᠡᠭᠡ ᠵᠠᠩᠭᠢ ᠶᠢᠨ ᠲᠣᠣᠷ ᠰᠦᠯᠵᠢᠶ᠎ᠡ ᠪᠡᠷ ᠤᠯᠡᠠ ᠨᠡᠶᠢᠲᠡ ᠳᠦ ᠤᠯᠠᠮᠵᠢᠯᠠᠨ ᠲᠠᠷᠬᠠᠭᠠᠬᠤ  ᠵᠥᠪᠰᠢᠶᠡᠷᠡᠭᠦ ᠬᠠᠮᠲᠤ ᠬᠠᠷᠠᠮᠵᠢ ᠤᠯᠬᠤ ᠡᠷᠬᠡ ᠲᠡᠶ ᠃

(ᠲᠦᠷᠪᠡ)ᠷᠠᠳᠢᠣ᠋ ᠲᠧᠯᠸᠢᠰ ᠢ᠋ ᠵᠣᠬᠢᠶᠠᠨ ᠪᠠᠢᠭᠤᠯᠬᠤ  ᠡᠷᠬᠡ ᠄ ᠷᠠᠳᠢᠣ᠋ ᠬᠣᠷᠢᠶ᠎ᠠ ᠂ ᠲᠧᠯᠸᠢᠰ ᠬᠣᠷᠢᠶ᠎ᠠ ᠨᠢ ᠲᠡᠭᠦᠨ ᠦ ᠵᠥᠪᠰᠢᠶᠡᠷᠡᠯ ᠦᠭᠡᠢ ᠪᠡᠷ ᠬᠢᠭᠰᠡᠨ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ  ᠢ ᠴᠠᠭᠠᠵᠠᠯᠠᠬᠤ ᠡᠷᠬᠡ ᠲᠡᠶ ᠄ ᠲᠡᠭᠦᠨ ᠦ ᠨᠡᠪᠲᠡᠷᠡᠭᠦᠯᠦᠭᠰᠡᠨ ᠷᠡᠳᠢᠦ ᠨᠡᠪᠲᠡᠷᠡᠭᠦᠯᠭᠡ᠂ ᠲᠧᠯᠸᠢᠰ ᠳᠠᠮᠵᠢᠭᠤᠯᠭ᠎ᠠ᠂ ᠲᠡᠭᠦᠨ ᠦ ᠨᠡᠪᠲᠡᠷᠡᠭᠦᠯᠦᠭᠰᠡᠨ ᠷᠠᠳᠢᠣ᠋ ᠨᠡᠪᠲᠡᠷᠡᠭᠦᠯᠭᠡ ᠂ ᠲᠧᠯᠸᠢᠰ ᠦᠨ ᠫᠷᠤᠭ᠍ᠷᠠᠮ  ᠢ ᠲᠡᠭᠤ ᠳᠦᠷᠰᠦ ᠰᠢᠩᠭᠡᠭᠡᠯᠲᠡ ᠶᠢᠨ ᠠᠴᠢᠶᠠᠯᠠᠪᠤᠷᠢ ᠳᠡᠭᠡᠷ᠎ᠡ ᠰᠢᠩᠭᠡᠭᠡᠬᠦ ᠦᠢᠯᠡᠳᠬᠦ ᠪᠠ ᠲᠡᠭᠤ ᠳᠦᠷᠰᠦ ᠰᠢᠩᠭᠡᠭᠡᠭᠰᠡ ᠠᠴᠢᠶᠠᠯᠠᠪᠤᠷᠢ ᠪᠡᠨ ᠪᠠᠭᠤᠯᠭᠠᠵᠤ ᠠᠪᠬᠤ᠃

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ