IP ᠮᠡᠳᠡᠯᠭᠡ
ᠵᠥᠭᠡᠯᠡᠨ ᠬᠡᠷᠡᠭᠰᠡᠯ ᠦᠨ ᠲᠣᠨᠤᠭ ᠪᠦᠲᠦᠭᠡᠯ ᠦᠨ ᠡᠷᠬᠡ ᠳ᠋ᠤ ᠶᠠᠮᠠᠷ ᠶᠠᠮᠠᠷ ᠡᠷᠬᠡ ᠠᠰᠢᠭ ᠪᠠᠶᠢᠳᠠᠭ ᠪᠤᠢ ︖
2018.12.05 ᠲᠣᠰ ᠥᠷᠲᠡᠭᠡᠨ ᠦ ᠨᠠᠢᠷᠠᠭᠤᠯᠤᠭᠴᠢ

ᠺᠣᠮᠫᠢᠦ᠋ᠲ᠋ᠧᠷ ᠦᠨ ᠵᠥᠭᠡᠯᠡᠨ ᠲᠣᠨᠤᠭ ᠭᠡᠳᠡᠭ ᠨᠢ ᠺᠣᠮᠫᠢᠦ᠋ᠲ᠋ᠧᠷ ᠦᠨ ᠫᠷᠤᠭ᠍ᠷᠠᠮ ᠵᠢᠴᠢ ᠲᠡᠭᠦᠨ ᠦ ᠬᠣᠯᠪᠣᠭᠳᠠᠯ ᠪᠦ᠋ᠬᠦᠢ ᠲᠣᠪᠬᠢᠮᠠᠯ ᠪᠣᠯᠤᠨ᠎ᠠ ᠃ ᠵᠥᠭᠡᠯᠡᠨ ᠲᠣᠨᠤᠭ ᠦᠨ ᠵᠣᠬᠢᠶᠠᠯ ᠪᠦᠲᠦᠭᠡᠯ ᠦᠨ ᠡᠷᠬᠡ ᠭᠡᠳᠡᠭ ᠨᠢ ᠵᠥᠭᠡᠯᠡᠨ ᠳᠤᠨᠤᠭ ᠢ ᠨᠡᠭᠡᠭᠡᠨ ᠠᠰᠢᠭᠯᠠᠭᠴᠢᠳ ᠤᠨ ᠪᠤᠶᠤ ᠪᠤᠰᠤᠳ ᠡᠷᠬᠡᠲᠦ ᠬᠥᠮᠦᠨ ᠤ᠋《 ᠵᠣᠬᠢᠶᠠᠯ ᠪᠦᠲᠦᠭᠡᠯ ᠦᠨ ᠡᠷᠬᠡ ᠶᠢᠨ ᠬᠠᠤᠯᠢ 》  ᠶᠢᠨ ᠲᠣᠭᠲᠠᠭᠠᠯ ᠢ ᠦᠨᠳᠦᠰᠦᠯᠡᠨ ᠵᠥᠭᠡᠯᠡᠨ ᠲᠣᠨᠤᠭ ᠦᠨ ᠪᠦᠲᠦᠭᠡᠯ  ᠤ᠋ᠨ ᠡᠳ᠋ᠯᠡᠬᠦ ᠡᠯ᠎ᠡ ᠵᠦᠢᠯ ᠦᠨ ᠲᠤᠰᠬᠠᠶ ᠡᠵᠡᠮᠰᠢᠬᠦ ᠡᠷᠬᠡ ᠠᠰᠢᠭ ᠢ᠋ ᠵᠢᠭᠠᠵᠤ  ᠪᠠᠢᠳᠠᠭ ᠃

( ᠨᠢᠭᠡ ) ᠨᠡᠶᠢᠲᠡᠯᠡᠬᠦ ᠡᠷᠬᠡ ᠂ ᠲᠤᠬᠠᠶᠢᠯᠠᠪᠠᠯ ᠵᠥᠭᠡᠯᠡᠨ ᠲᠣᠨᠤᠭ  ᠢ᠋ᠢᠡᠨ ᠤᠯᠡᠠ ᠨᠡᠶᠢᠲᠡ ᠳᠦ  ᠨᠡᠢᠲᠡᠯᠡᠬᠦ ᠡᠰᠡᠬᠦ ᠪᠡᠨ ᠲᠣᠭᠲᠠᠭᠠᠬᠤ ᠡᠷᠬᠡ ᠃

(ᠬᠣᠶᠠᠷ)ᠨᠡᠷ᠎ᠡ ᠪᠢᠴᠢᠬᠦ ᠡᠷᠬᠡ ᠂ ᠲᠤᠬᠠᠶᠢᠯᠠᠪᠠᠯ ᠡᠭᠦᠳᠦᠨ ᠨᠡᠭᠡᠭᠡᠭᠴᠢ ᠢ᠋ᠢᠨ ᠪᠡᠶ᠎ᠡ ᠶᠢᠨ ᠬᠢᠷᠢ ᠬᠡᠮ ᠢ᠋ᠢᠡᠨ ᠲᠤᠲᠤᠷᠬᠠᠢᠯᠠᠬᠤ ᠂ ᠵᠥᠭᠡᠯᠡᠨ  ᠲᠣᠨᠤᠭ ᠳᠡᠭᠡᠷ᠎ᠡ ᠨᠡᠷ᠎ᠡ ᠪᠡᠨ ᠪᠢᠴᠢᠬᠦ ᠡᠷᠬᠡ ᠠᠰᠢᠭ ᠃

(ᠭᠤᠷᠪᠠ)ᠵᠠᠰᠠᠪᠤᠷᠢ ᠣᠷᠣᠭᠤᠯᠬᠤ ᠡᠷᠬᠡ ᠂ ᠲᠤᠬᠠᠶᠢᠯᠠᠪᠠᠯ ᠵᠥᠭᠡᠯᠡᠨ ᠲᠣᠨᠣᠭ ᠢ᠋ᠢᠡᠨ ᠨᠡᠮᠡᠵᠦ  ᠨᠥᠬᠦᠪᠦᠷᠢᠯᠡᠬᠦ᠂ ᠴᠣᠮᠬᠠᠳᠬᠠᠬᠤ ᠂ ᠡᠰᠡᠭᠦᠯ᠎ᠡ ᠳᠣᠬᠢᠶ᠎ᠠ᠂  ᠦᠭᠡ ᠥᠭᠦᠯᠡᠪᠦᠷᠢ ᠶᠢᠨ ᠳᠠᠷᠠᠭᠠᠯᠠᠯ ᠢ᠋ ᠬᠤᠪᠢᠷᠠᠭᠤᠯᠬᠤ ᠡᠷᠬᠡ ᠃

(ᠲᠦᠷᠪᠡ)ᠪᠠᠭᠤᠯᠭᠠᠵᠤ ᠠᠪᠬᠤ ᠡᠷᠬᠡ ᠂ ᠲᠤᠬᠠᠢᠯᠠᠪᠠᠯ ᠵᠥᠭᠡᠯᠡᠨ  ᠲᠣᠨᠤᠭ  ᠢ ᠨᠢᠭᠡ ᠬᠤᠪᠢ ᠪᠤᠶᠤ ᠣᠯᠠᠨ ᠬᠤᠪᠢ ᠦᠢᠯᠡᠳᠬᠦ ᠡᠷᠬᠡ ᠃

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ