IP ᠮᠡᠳᠡᠯᠭᠡ
ᠵᠣᠬᠢᠶᠠᠯ ᠪᠦᠲᠦᠭᠡᠯ ᠦᠨ ᠡᠷᠬᠡ ᠨᠢ ᠬᠠᠯᠳᠠᠭᠳᠠᠭᠰᠠᠨ ᠦᠶ᠎ᠡ ᠳᠦ ᠶᠠᠮᠠᠷ ᠶᠠᠮᠠᠷ ᠠᠷᠭ᠎ᠠ ᠮᠠᠶᠢᠭ ᠢ ᠠᠪᠴᠤ ᠡᠷᠬᠡ ᠪᠡᠨ ᠬᠠᠮᠠᠭᠠᠯᠠᠬᠤ ᠪᠤᠶ ︖
2019.01.15 ᠲᠣᠰ ᠥᠷᠲᠡᠭᠡᠨ ᠦ ᠨᠠᠢᠷᠠᠭᠤᠯᠤᠭᠴᠢ

( ᠨᠢᠭᠡ ) ᠡᠪᠰᠡᠬᠦ᠄ ᠲᠤᠬᠠᠶ ᠶᠢᠨ ᠬᠥᠮᠦᠨ ᠨᠢ ᠥᠪᠡᠰᠦᠪᠡᠨ ᠰᠢᠶᠳᠪᠦᠷᠢᠯᠡᠬᠦ ᠰᠠᠨᠠᠭ᠎ᠠ ᠲᠠᠢ ᠪᠣᠯ ᠂ ᠵᠣᠬᠢᠶᠠᠯ ᠪᠦᠲᠦᠭᠡᠯ ᠦᠨ ᠡᠷᠬᠡ ᠶᠢᠨ ᠵᠢᠭᠤᠷᠠᠯᠳᠤᠭᠠᠨ  ᠢ ᠵᠥᠪᠳᠡᠯᠴᠡᠵᠦ ᠪᠠᠶᠢᠭᠠᠳ ᠰᠢᠶᠳᠪᠦᠷᠢᠯᠡᠬᠦ ᠪᠣᠯᠤᠨ᠎ᠠ ᠃

( ᠬᠣᠶᠠᠷ ) ᠡᠶᠡᠳᠡᠬᠦ ᠬᠡᠷᠡᠭᠲᠡᠶ ᠄ ᠲᠤᠬᠠᠶ ᠶᠢᠨ ᠬᠥᠮᠦᠨ ᠨᠢ ᠭᠤᠷᠪᠠᠳᠤᠭᠠᠷ ᠡᠲᠡᠭᠡᠳ ( ᠬᠡᠪᠯᠡᠯ ᠦᠨ ᠡᠷᠬᠡ ᠶᠢᠨ ᠲᠣᠪᠴᠢᠶ᠎ᠠ ᠂ ᠵᠣᠬᠢᠶᠠᠯ ᠪᠦᠲᠦᠭᠡᠯ ᠦᠨ ᠡᠷᠬᠡ ᠶᠢ ᠬᠠᠮᠠᠭᠠᠯᠠᠬᠤ ᠪᠠᠶᠢᠭᠤᠯᠤᠮᠵᠢ ᠂ ᠬᠡᠪᠯᠡᠯ ᠦᠨ ᠡᠷᠬᠡ ᠶ᠋ᠢ  ᠬᠠᠮᠠᠭᠠᠯᠠᠬᠤ ᠨᠡᠶᠢᠭᠡᠮᠯᠢᠭ ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠪᠣᠯᠤᠨ ᠪᠠᠶᠢᠭᠠᠯᠢ ᠬᠥᠮᠦᠨ ᠵᠡᠷᠭᠡ ) ᠲᠤ  ᠨᠠᠢᠲᠠᠵᠤ ᠵᠣᠬᠢᠶᠠᠯ ᠪᠦᠲᠦᠭᠡᠯ ᠦᠨ ᠡᠷᠬᠡ ᠶᠢᠨ ᠵᠢᠭᠤᠷᠠᠯᠳᠤᠭᠠᠨ ᠢ᠋ ᠡᠶᠡᠳᠡᠭᠦᠯᠵᠦ ᠪᠣᠯᠤᠨ᠎ᠠ᠃

( ᠭᠤᠷᠪᠠ ) ᠬᠥᠨᠳᠡᠯᠡᠨ ᠡᠴᠡ ᠲᠠᠰᠤᠯᠬᠤ ᠄ ᠲᠤᠬᠠᠶ ᠶᠢᠨ ᠬᠥᠮᠦᠨ ᠨᠢ ᠬᠡᠯᠡᠯᠴᠡᠨ ᠳᠣᠭᠢᠷᠬᠠᠰᠠᠨ ᠬᠥᠨᠳᠡᠯᠡᠨ ᠡᠴᠡ ᠲᠠᠰᠤᠯᠬᠤ ᠪᠢᠴᠢᠭ ᠦᠨ ᠬᠡᠯᠡᠯᠴᠡᠭᠡᠷ ᠪᠤᠶᠤ ᠵᠣᠬᠢᠶᠠᠯ ᠪᠦᠲᠦᠭᠡᠯ ᠦᠨ ᠡᠷᠬᠡ ᠶᠢᠨ ᠭᠡᠷ᠎ᠡ ᠳᠡᠬᠢ ᠬᠥᠨᠳᠡᠯᠡᠨ ᠡᠴᠡ ᠲᠠᠰᠤᠯᠬᠤ ᠵᠦᠢᠯ ᠵᠤᠷᠪᠤᠰ ᠢ᠋ ᠦᠨᠳᠦᠰᠦᠯᠡᠨ ᠂ ᠬᠥᠨᠳᠡᠯᠡᠨ ᠡᠴᠡ ᠲᠠᠰᠤᠯᠬᠤ ᠪᠠᠶᠢᠭᠤᠯᠤᠮᠵᠢ ᠳᠤ ᠬᠥᠨᠳᠡᠯᠡᠨ ᠡᠴᠡ ᠲᠠᠰᠤᠯᠤᠭᠤᠯᠬᠤ ᠪᠠᠷ ᠭᠤᠶᠤᠴᠢᠯᠠᠵᠤ ᠪᠣᠯᠤᠨ᠎ᠠ ᠃

(ᠳᠥᠷᠪᠡ ) ᠵᠠᠷᠭᠤ ᠬᠢᠬᠦ ᠄ ᠲᠤᠬᠠᠶ ᠶᠢᠨ ᠬᠥᠮᠦᠨ ᠨᠢ ᠬᠥᠨᠳᠡᠯᠡᠨ ᠡᠴᠡ ᠲᠠᠰᠤᠯᠬᠤ ᠪᠢᠴᠢᠭ ᠦᠨ ᠬᠡᠯᠡᠯᠴᠡᠭᠡᠷ ᠦᠭᠡᠢ ᠂ ᠵᠣᠬᠢᠶᠠᠯ ᠪᠦᠲᠦᠭᠡᠯ ᠦᠨ ᠡᠷᠬᠡ ᠶᠢᠨ ᠭᠡᠷ᠎ᠡ ᠳᠦ ᠬᠥᠨᠳᠡᠯᠡᠨ ᠡᠴᠡ ᠲᠠᠰᠤᠯᠬᠤ ᠲᠤᠬᠠᠶ ᠵᠤᠷᠪᠤᠰ ᠲᠣᠭᠲᠠᠭᠠᠭᠰᠠᠨ ᠦᠭᠡᠢ ᠪᠣᠯ ᠠᠷᠠᠳ ᠤᠨ ᠰᠢᠭᠦᠬᠦ ᠬᠣᠷᠢᠶᠠᠨ ᠳᠤ ᠰᠢᠭᠤᠳ ᠵᠡᠭᠠᠯᠳᠦᠵᠦ ᠪᠣᠯᠤᠨ᠎ᠠ ᠃

( ᠲᠠᠪᠤ ) ᠵᠠᠭᠠᠯᠳᠤᠬᠤ ᠄ ᠲᠤᠬᠠᠶ ᠶᠢᠨ ᠬᠥᠮᠦᠨ ᠨᠢ ᠮᠡᠳᠡᠯᠭᠡ ᠶᠢᠨ ᠥᠮᠴᠢᠯᠡᠬᠦ ᠡᠷᠬᠡ ᠶᠢ ᠬᠠᠮᠠᠭᠠᠯᠠᠬᠤ ᠢᠯᠡᠴᠢᠯᠡᠨ ᠮᠡᠳᠡᠭᠦᠯᠵᠦ ᠵᠠᠭᠠᠯᠳᠣᠬᠤ ᠦᠢᠯᠡᠴᠢᠯᠡᠭᠡᠨ ᠦ ᠲᠥᠪ ᠪᠤᠶᠤ ᠵᠣᠬᠢᠶᠠᠯ ᠪᠦᠲᠦᠭᠡᠯ ᠦᠨ ᠡᠷᠬᠡ ᠶᠢᠨ ᠵᠠᠰᠠᠭ ᠵᠠᠬᠢᠷᠭᠠᠨ  ᠤ ᠬᠠᠮᠢᠶᠠᠷᠤᠯᠲᠠ ᠶᠢᠨ ᠪᠠᠶᠢᠭᠤᠯᠭ᠎ᠠ ᠳᠤ  ᠵᠠᠭᠠᠯᠳᠤᠵᠤ ᠪᠣᠯᠤᠨ᠎ᠠ ᠃

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ