IP ᠮᠡᠳᠡᠯᠭᠡ
ᠵᠣᠬᠢᠶᠠᠯ ᠪᠦᠲᠦᠭᠡᠯ ᠦᠨ ᠡᠷᠬᠡ ᠳᠦ ᠬᠠᠯᠳᠠᠭᠰᠠᠨ ᠪᠠᠶᠢᠪᠠᠯ ᠶᠠᠮᠠᠷ ᠶᠠᠮᠠᠷ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠪᠤᠢ ︖
2019.01.24 ᠲᠣᠰ ᠥᠷᠲᠡᠭᠡᠨ ᠦ ᠨᠠᠢᠷᠠᠭᠤᠯᠤᠭᠴᠢ

( ᠨᠢᠭᠡ )ᠢᠷᠭᠡᠨ ᠦ ᠬᠡᠷᠡᠭ ᠦᠨ ᠬᠠᠷᠢᠭᠤᠴᠠᠯᠭ᠎ᠠ ᠄ ᠬᠣᠬᠢᠷᠠᠯ ᠤᠴᠠᠷᠠᠭᠤᠯᠬᠤ ᠪᠠᠨ ᠵᠣᠭᠰᠣᠭᠠᠬᠤ ᠂ ᠨᠥᠯᠥᠭᠡ ᠶᠢ ᠠᠷᠢᠯᠭᠠᠬᠤ ᠂ ᠤᠰᠤᠯ ᠬᠦᠯᠢᠶᠡᠨ ᠪᠤᠷᠤᠭᠤ ᠮᠡᠳᠡᠬᠦ ᠂ ᠬᠣᠬᠢᠷᠠᠯ ᠢ ᠲᠤᠢᠯᠦᠬᠦ ᠵᠡᠷᠭᠡ ᠢᠷᠭᠡᠨ ᠦ ᠬᠡᠷᠡᠭ ᠦᠨ ᠬᠠᠷᠢᠭᠤᠴᠠᠯᠭ᠎ᠠ  ᠡᠭᠦᠷᠭᠡᠯᠡᠨ᠎ᠡ ᠃

( ᠬᠣᠶᠠᠷ ) ᠵᠠᠰᠠᠭ ᠵᠠᠬᠢᠷᠭᠠᠨ ᠤ ᠬᠠᠷᠢᠭᠤᠴᠠᠯᠭ᠎ᠠ ᠄ ᠵᠣᠬᠢᠶᠠᠯ ᠪᠦᠲᠦᠭᠡᠯ ᠦᠨ ᠡᠷᠬᠡ ᠳᠦ ᠬᠠᠯᠳᠠᠭᠰᠠᠨ ᠮᠥᠷᠲᠡᠭᠡᠨ ᠤᠯᠡᠠ ᠨᠡᠶᠢᠲᠡ ᠶᠢᠨ ᠠᠰᠢᠭ ᠲᠤᠰᠠ ᠶᠢ ᠬᠣᠬᠢᠷᠠᠭᠤᠯᠤᠭᠰᠠᠨ ᠪᠠᠶᠢᠪᠠᠯ  ᠵᠣᠬᠢᠶᠠᠯ ᠪᠦᠲᠦᠭᠡᠯ ᠦᠨ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ  ᠠ᠋ᠴᠠ ᠵᠠᠷᠯᠢᠭᠳᠠᠨ ᠡᠷᠬᠡᠨ ᠳᠦ ᠬᠠᠯᠳᠠᠬᠤ ᠠᠵᠢᠯᠯᠠᠭ᠎ᠠ ᠶᠢ  ᠨᠢ ᠵᠣᠭᠰᠣᠭᠠᠬᠤ ᠂ ᠬᠠᠤᠯᠢ ᠠᠴᠠ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠬᠤ᠂ ᠡᠷᠬᠡ ᠳᠦ ᠬᠠᠯᠳᠠᠭᠰᠠᠨ ᠪᠠᠭᠤᠯᠭᠠᠪᠤᠷᠢ ᠪᠦᠲᠦᠭᠡᠭᠳᠡᠬᠦᠨ ᠢ᠋ ᠨᠢ ᠬᠣᠷᠢᠶᠠᠨ ᠠᠪᠴᠤ ᠤᠰᠠᠳᠭᠠᠨ᠂ᠪᠠᠰᠠ ᠵᠣᠭᠣᠰ ᠢᠶᠠᠷ ᠲᠣᠷᠭᠠᠬᠤ ᠪᠠᠷ ᠰᠢᠳᠬᠡᠵᠦ ᠪᠣᠯᠤᠨ᠎ᠠ ᠂ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ  ᠵᠣᠬᠢᠶᠠᠯ ᠪᠦᠲᠦᠭᠡᠯ ᠦᠨ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠡᠴᠡ ᠪᠠᠰᠠ ᠭᠣᠣᠯᠳᠠᠭᠤ ᠡᠷᠬᠡᠨ ᠳᠦ ᠬᠠᠯᠳᠠᠭᠰᠠᠨ ᠪᠠᠭᠤᠯᠭᠠᠪᠤᠷᠢ ᠦᠢᠯᠡᠳᠬᠦ ᠳᠦ ᠬᠡᠷᠡᠭᠯᠡᠭᠰᠡᠨ ᠮᠠᠲ᠋ᠧᠷᠢᠶᠠᠯ ᠂ ᠪᠠᠭᠠᠵᠢ ᠂ ᠲᠥᠬᠥᠭᠡᠷᠦᠮᠵᠢ ᠵᠡᠷᠭᠡ ᠶᠢ ᠨᠢ ᠬᠤᠷᠢᠶᠡᠠ ᠠᠪᠴᠤ ᠪᠣᠯᠤᠨ᠎ᠠ ᠃

( ᠭᠤᠷᠪᠠ ) ᠡᠷᠡᠭᠦᠦ ᠢ᠋ᠢᠨ ᠬᠡᠷᠡᠭ ᠤ᠋ᠨ ᠬᠠᠷᠢᠭᠤᠴᠠᠯᠭ᠎ᠠ ᠄ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠂ ᠬᠠᠤᠯᠢ ᠶᠣᠰᠣ ᠪᠠᠷ ᠡᠷᠡᠭᠦᠦ ᠶᠢᠨ ᠬᠡᠷᠡᠭ ᠤ᠋ᠨ ᠬᠠᠷᠢᠭᠤᠴᠠᠯᠭ᠎ᠠ ᠨᠡᠬᠡᠮᠵᠢᠯᠡᠨ᠎ᠡ᠃

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ