IP ᠮᠡᠳᠡᠯᠭᠡ
ᠶᠠᠭᠤ ᠶᠢ ᠵᠣᠬᠢᠶᠠᠯ ᠪᠦᠲᠦᠭᠡᠯ ᠦᠨ ᠡᠷᠬᠡ ᠶᠢᠨ ᠬᠠᠮᠲᠤ ᠶᠢᠨ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠭᠡᠬᠦ ᠪᠤᠢ︖ ᠮᠠᠨ ᠤ ᠤᠯᠤᠰ ᠤ᠋ᠨ ᠶᠠᠮᠠᠷ ᠶᠠᠮᠠᠷ ᠵᠣᠬᠢᠶᠠᠯ ᠪᠦᠲᠦᠭᠡᠯ ᠦᠨ ᠡᠷᠬᠡ ᠶᠢᠨ ᠬᠠᠮᠲᠤ ᠶᠢᠨ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠪᠠᠢᠬᠤ ᠪᠤᠢ ︖
2019.02.14 ᠲᠣᠰ ᠥᠷᠲᠡᠭᠡᠨ ᠦ ᠨᠠᠢᠷᠠᠭᠤᠯᠤᠭᠴᠢ

ᠵᠣᠬᠢᠶᠠᠯ ᠪᠦᠲᠦᠭᠡᠯ ᠦᠨ ᠡᠷᠬᠡ ᠶᠢᠨ ᠬᠠᠮᠲᠤ ᠶᠢᠨ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ  ᠭᠡᠳᠡᠭ ᠪᠣᠯ ᠡᠷᠬᠡᠲᠦ ᠬᠥᠮᠦᠨ ᠦ ᠠᠰᠢᠭ ᠲᠤᠰᠠ ᠢ᠋ᠢᠨ  ᠲᠥᠯᠦᠭᠡ ᠬᠠᠤᠯᠢ ᠶᠣᠰᠣᠭᠠᠷ ᠪᠠᠶᠢᠭᠤᠯᠤᠭᠰᠠᠨ ᠂ ᠡᠷᠬᠡᠲᠦ ᠬᠥᠮᠦᠨ ᠦ ᠡᠷᠬᠡ  ᠶᠢ ᠦᠡᠳᠦᠰᠦᠯᠡᠵᠦ ᠂ ᠡᠷᠬᠡᠲᠦ ᠬᠥᠮᠦᠨ  ᠤ ᠵᠣᠬᠢᠶᠠᠯ ᠪᠦᠲᠦᠭᠡᠯ ᠦᠨ ᠡᠷᠬᠡ ᠪᠤᠶᠤ ᠵᠣᠬᠢᠶᠠᠯ ᠪᠦᠲᠦᠭᠡᠯ ᠦᠨ ᠡᠷᠬᠡ ᠳᠦ ᠬᠣᠯᠪᠣᠭᠳᠠᠬᠤ ᠡᠷᠬᠡ ᠶᠢ ᠬᠠᠮᠲᠤ ᠪᠠᠷ ᠬᠠᠮᠢᠶᠠᠷᠬᠤ ᠨᠡᠶᠢᠭᠡᠮ ᠦᠨ ᠪᠦᠯᠬᠦᠮ ᠮᠥᠨ ᠃ ᠵᠣᠬᠢᠶᠠᠯ ᠪᠦᠲᠦᠭᠡᠯ ᠦᠨ ᠡᠷᠬᠡ ᠶᠢᠨ ᠬᠠᠮᠲᠤ ᠶᠢᠨ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠨᠢ ᠡᠷᠬᠡᠲᠦ ᠬᠥᠮᠦᠨ  ᠠ᠋ᠴᠠ ᠣᠯᠭᠤᠭᠰᠠᠨ ᠡᠷᠬᠡ ᠪᠡᠷ ᠡᠷᠬᠡᠲᠦ ᠬᠥᠮᠦᠨ  ᠤ ᠬᠣᠯᠪᠣᠭᠳᠠᠯ ᠪᠦᠬᠦᠢ ᠡᠷᠬᠡ ᠠᠰᠢᠭ  ᠪᠠ ᠥᠪᠡᠷ ᠦᠨ ᠨᠡᠷ᠎ᠡ ᠪᠡᠷ ᠳᠣᠣᠷᠠᠬᠢ ᠠᠵᠢᠯᠯᠠᠭ᠎ᠠ  ᠶᠢ ᠲᠥᠪᠯᠡᠷᠡᠭᠦᠯᠦᠨ ᠶᠠᠪᠤᠭᠤᠯᠵᠤ  ᠪᠣᠯᠤᠨ᠎ᠠ ᠄ ( 1 )ᠬᠡᠷᠡᠭᠯᠡᠭᠴᠢ  ᠲᠠᠢ  ᠵᠣᠬᠢᠶᠠᠯ ᠪᠦᠲᠦᠭᠡᠯ ᠦᠨ ᠡᠷᠬᠡ ᠪᠤᠶᠤ ᠵᠣᠬᠢᠶᠠᠯ ᠪᠦᠲᠦᠭᠡᠯ ᠦᠨ ᠡᠷᠬᠡ ᠳᠦ ᠬᠣᠯᠪᠣᠭᠳᠠᠬᠤ ᠡᠷᠬᠡ ᠠᠰᠢᠭ ᠢ᠋ ᠵᠥᠪᠰᠢᠶᠡᠷᠡᠬᠦ ᠭᠡᠷ᠎ᠡ ᠲᠣᠭᠲᠠᠭᠠᠵᠤ ᠪᠣᠯᠤᠨ᠎ᠠ ᠃( 2 ) ᠬᠡᠷᠡᠭᠯᠡᠭᠴᠢ ᠡᠴᠡ ᠬᠡᠷᠡᠭᠯᠡᠬᠦ ᠰᠦᠢᠳᠬᠡᠯ ᠬᠤᠷᠢᠶᠠᠨ᠎ᠠ᠃ ( 3 ) ᠡᠷᠬᠡᠲᠦ ᠬᠥᠮᠦᠨ ᠳᠦ ᠬᠡᠷᠡᠭᠯᠡᠭᠰᠡᠨ ᠵᠠᠷᠤᠳᠠᠯ ᠰᠢᠯᠵᠢᠭᠦᠯᠦᠨ ᠥᠭᠭᠦᠨ᠎ᠡ ᠃ ( 4 )ᠵᠣᠬᠢᠶᠠᠯ ᠪᠦᠲᠦᠭᠡᠯ ᠦᠨ ᠡᠷᠬᠡ ᠳ᠋ᠤ  ᠬᠣᠯᠪᠤᠭᠳᠠᠭᠰᠠᠨ ᠪᠤᠶᠤ ᠵᠣᠬᠢᠶᠠᠯ ᠪᠦᠲᠦᠭᠡᠯ ᠦᠨ ᠡᠷᠬᠡ ᠳᠦ ᠬᠣᠯᠪᠣᠭᠳᠠᠬᠤ ᠡᠷᠬᠡ ᠠᠰᠢᠭ ᠤ᠋ᠨ ᠲᠤᠬᠠᠶ ᠵᠠᠷᠭᠤᠯᠳᠤᠬᠤ ᠂ ᠬᠥᠨᠳᠡᠯᠡᠨ ᠡᠴᠡ ᠲᠠᠰᠤᠯᠬᠤ ᠵᠡᠷᠭᠡ ᠶ᠋ᠢ ᠬᠢᠨ᠎ᠡ ᠃ ᠮᠠᠨ ᠤ ᠤᠯᠤᠰ ᠤᠨ ᠤᠳᠤ ᠪᠠᠶᠢᠭ᠎ᠠ ᠵᠣᠬᠢᠶᠠᠯ ᠪᠦᠲᠦᠭᠡᠯ ᠦᠨ ᠡᠷᠬᠡ ᠶᠢᠨ ᠬᠠᠮᠲᠤ ᠶᠢᠨ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠨᠢ ᠄ ᠳᠤᠮᠳᠠᠳᠤ ᠤᠯᠤᠰ ᠤᠨ ᠳᠠᠭᠤᠤ ᠬᠥᠭᠵᠢᠮ ᠦᠨ ᠵᠣᠬᠢᠶᠠᠯ ᠪᠦᠲᠦᠭᠡᠯ ᠦᠨ ᠡᠷᠬᠡ  ᠶᠢᠨ ᠨᠡᠶᠢᠭᠡᠮᠯᠢᠭ ᠃ ᠪᠠᠢᠭᠤᠯᠬᠤ ᠪᠡᠷ ᠪᠡᠯᠡᠳᠭᠡᠵᠦ ᠪᠠᠢᠭ᠎ᠠ  ᠪᠣᠯ ᠬᠡᠪᠯᠡᠨ ᠭᠠᠷᠭᠠᠬᠤ ᠪᠠᠷ ᠲᠠᠭᠤ ᠳᠦᠷᠰᠦ ᠰᠢᠩᠭᠡᠭᠡᠯᠲᠡ ᠶᠢᠨ ᠲᠠᠯ᠎ᠠ ᠶᠢᠨ ᠬᠠᠮᠲᠤ ᠶᠢᠨ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠪᠠ ᠤᠢᠰᠦᠭ ᠪᠢᠴᠢᠭ ᠦᠨ ᠵᠣᠬᠢᠶᠠᠯ ᠪᠦᠲᠦᠭᠡᠯ ᠤ᠋ᠨ ᠲᠠᠯ᠎ᠠ ᠶᠢᠨ ᠬᠠᠮᠲᠤ ᠶᠢᠨ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠃

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ