IP ᠮᠡᠳᠡᠯᠭᠡ
ᠵᠣᠬᠢᠶᠠᠯ ᠪᠦᠲᠦᠭᠡᠯ ᠦᠨ ᠡᠷᠬᠡ ᠳᠦ ᠬᠠᠯᠳᠠᠭᠰᠠᠨ ᠶᠠᠯ᠎ᠠ ᠨᠢ ᠶᠠᠭᠤ ᠶᠠᠭᠤ ᠪᠠᠶᠢᠳᠠᠭ ᠪᠤᠢ ?
2019.02.14 ᠲᠣᠰ ᠥᠷᠲᠡᠭᠡᠨ ᠦ ᠨᠠᠢᠷᠠᠭᠤᠯᠤᠭᠴᠢ

( ᠨᠢᠭᠡ ) ᠵᠣᠬᠢᠶᠠᠯ ᠪᠦᠲᠦᠭᠡᠯ ᠦᠨ ᠡᠷᠬᠡ ᠳᠦ ᠬᠠᠯᠳᠠᠭᠰᠠᠨ ᠶᠠᠯ᠎ᠠ ᠃ 《 ᠡᠷᠡᠭᠦᠦ ᠶᠢᠨ ᠬᠠᠤᠯᠢ 》  ᠶᠢᠨ ᠬᠣᠶᠠᠷ ᠵᠠᠭᠤ ᠠᠷᠪᠠᠨ ᠳᠣᠯᠣᠳᠤᠭᠠᠷ ᠵᠦᠢᠯ  ᠢ᠋ ᠦᠨᠳᠦᠰᠦᠯᠡᠪᠡᠯ ᠠᠰᠢᠭ ᠬᠣᠨᠵᠢᠪᠣᠷᠢ ᠤᠯᠬᠤ ᠵᠣᠷᠢᠯᠭ᠎ᠠ ᠪᠠᠷ ᠳᠣᠣᠷ᠎ᠠ ᠵᠢᠭᠰᠠᠭᠠᠭᠰᠠᠨ ᠵᠣᠬᠢᠶᠠᠯ ᠪᠦᠲᠦᠭᠡᠯ ᠦᠨ ᠡᠷᠬᠡ ᠳᠦ ᠬᠠᠯᠳᠠᠭᠰᠠᠨ ᠪᠠᠶᠢᠳᠠᠯ ᠤᠨ ᠨᠢᠭᠡ ᠨᠢ ᠪᠠᠶᠢᠪᠠᠯ  ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠢᠨ ᠲᠣᠭ᠎ᠠ ᠬᠡᠮᠵᠢᠶ᠎ᠡ ᠨᠢ ᠨᠡᠯᠢᠶᠡᠳ ᠶᠡᠬᠡ ᠪᠤᠶᠤ ᠪᠤᠰᠤᠳ ᠬᠦᠨᠳᠦ ᠨᠣᠴᠢᠲᠠᠶ ᠤᠢᠢᠯᠠ ᠪᠠᠶᠢᠳᠠᠯ ᠲᠠᠶ ᠪᠠᠶᠢᠪᠠᠯ  ᠭᠤᠷᠪᠠᠨ ᠵᠢᠯ ᠡᠴᠡ ᠳᠣᠷᠤᠭᠰᠢ ᠬᠤᠭᠤᠴᠠᠭ᠎ᠠ ᠲᠠᠶ ᠬᠣᠷᠢᠬᠤ ᠪᠤᠶᠤ ᠬᠣᠷᠢᠵᠤ ᠬᠥᠳᠡᠯᠮᠦᠷᠢᠯᠡᠭᠦᠯᠬᠦ ᠪᠡᠷ ᠰᠢᠳᠬᠡᠵᠦ ᠂ ᠵᠣᠭᠣᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠬᠦ ᠪᠤᠶᠤ ᠲᠠᠩ ᠢᠶᠠᠷ ᠰᠢᠳᠬᠡᠨ᠎ᠡ ᠃ ᠬᠠᠤᠯᠢ ᠶᠢ ᠵᠥᠷᠢᠴᠡᠵᠦ ᠣᠯᠤᠭᠰᠠᠨ ᠵᠣᠭᠣᠰᠣᠨ ᠤ ᠲᠣᠭ᠎ᠠ  ᠬᠡᠮᠵᠢᠶ᠎ᠡ  ᠲᠣᠮᠤ ᠶᠡᠬᠡ ᠪᠤᠶᠤ ᠡᠰᠡᠬᠦᠯ᠎ᠡ ᠥᠭᠡᠷ᠎ᠡ  ᠣᠨᠴᠠᠭᠠᠢ ᠬᠦᠨᠳᠦ ᠨᠣᠴᠢᠲᠠᠶ ᠤᠢᠢᠯᠠ ᠪᠠᠶᠢᠳᠠᠯ ᠪᠠᠶᠢᠬᠤ ᠳᠤ ᠬᠦᠷᠪᠡᠯ ᠭᠤᠷᠪᠠᠨ ᠵᠢᠯ ᠡᠴᠡ ᠳᠡᠭᠡᠭᠰᠢ ᠲᠤᠯᠦᠭᠠᠠ ᠵᠢᠯ ᠡᠴᠡ ᠳᠣᠷᠣᠭᠰᠢ ᠬᠤᠭᠤᠴᠠᠭ᠎ᠠ ᠲᠠᠶ ᠬᠣᠷᠢᠬᠤ ᠪᠠᠷ ᠰᠢᠳᠬᠡᠵᠦ ᠂ ᠵᠣᠭᠣᠰ ᠢᠶᠠᠷ ᠲᠣᠷᠭᠠᠬᠤ ᠪᠠᠷ ᠳᠠᠪᠬᠤᠷ ᠰᠢᠳᠬᠡᠨ᠎ᠡ ᠃( 1 ) ᠵᠣᠬᠢᠶᠠᠯ ᠪᠦᠲᠦᠭᠡᠯ ᠦᠨ ᠡᠷᠬᠡᠲᠦ ᠬᠥᠮᠦᠨ ᠦ ᠵᠥᠪᠰᠢᠶᠡᠷᠡᠯ  ᠦᠭᠡᠢ ᠪᠡᠷ ᠲᠡᠭᠦᠨ ᠦ ᠦᠰᠦᠭ ᠪᠢᠴᠢᠭ ᠦᠨ ᠪᠦᠲᠦᠭᠡᠯ ᠂ ᠳᠠᠭᠤᠤ ᠬᠥᠭᠵᠢᠮ ᠂ ᠺᠢᠨᠣ᠋ ᠂ ᠲᠧᠯᠸᠢᠰ ᠂ ᠳᠦᠷᠰᠦ ᠰᠢᠩᠭᠡᠭᠡᠯᠲᠡ ᠶᠢᠨ ᠪᠦᠲᠦᠭᠡᠯ ᠂ᠺᠣᠮᠫᠢᠦ᠋ᠲ᠋ᠧᠷ ᠦᠨ ᠵᠥᠭᠡᠯᠡᠨ ᠬᠡᠷᠡᠭᠰᠡᠯ ᠪᠣᠯᠤᠨ ᠪᠤᠰᠤᠳ ᠵᠦᠢᠯ ᠦᠨ ᠪᠦᠲᠦᠭᠡᠯ ᠢ᠋  ᠪᠠᠭᠤᠯᠭᠠᠵᠤ ᠲᠠᠷᠬᠠᠭᠠᠭᠰᠠᠨ  ᠃( 2 ) ᠪᠤᠰᠤᠳ ᠤᠨ ᠲᠤᠰᠬᠠᠶ ᠡᠵᠡᠮᠰᠢᠯᠳᠦ ᠬᠡᠪᠯᠡᠯ ᠦᠨ ᠡᠷᠬᠡ ᠪᠦᠬᠦᠢ ᠨᠣᠮ ᠪᠢᠴᠢᠭ ᠢ ᠬᠡᠪᠯᠡᠭᠦᠯᠦᠭᠰᠡᠨ ᠃ ( 3 ) ᠲᠡᠭᠤ ᠰᠢᠩᠭᠡᠭᠡᠯᠲᠡ᠂ ᠳᠦᠷᠰᠦ ᠰᠢᠩᠭᠡᠭᠡᠯᠲᠡ ᠶᠢᠨ ᠦᠢᠯᠡᠳᠦᠭᠴᠢ ᠶᠢᠨ ᠵᠥᠪᠰᠢᠶᠡᠷᠡᠯ  ᠦᠭᠡᠢ  ᠪᠡᠷ ᠲᠡᠭᠦᠨ ᠦ ᠦᠢᠯᠡᠳᠦᠭᠰᠡᠨ ᠲᠡᠭᠤ ᠳᠦᠷᠰᠦ ᠰᠢᠩᠭᠡᠭᠡᠯᠲᠡ ᠶᠢ ᠨᠢ ᠪᠠᠭᠤᠯᠭᠠᠨ ᠠᠪᠴᠤ ᠲᠠᠷᠬᠠᠭᠠᠭᠰᠠᠨ᠃ ( 4 )ᠪᠤᠰᠤᠳ ᠤᠨ ᠨᠡᠷ᠎ᠡ ᠶᠢ ᠬᠠᠭᠤᠷᠮᠠᠭᠯᠠᠨ ᠬᠡᠷᠡᠭᠯᠡᠵᠦ ᠤᠷᠠᠨ ᠵᠢᠷᠤᠭ ᠤᠨ ᠪᠦᠲᠦᠭᠡᠯ  ᠢ᠋  ᠤᠢᠯᠡᠳᠴᠤ ᠬᠤᠳᠠᠯᠳᠤᠭᠰᠠᠨ ᠃ ᠳᠡᠭᠡᠳᠦ ᠰᠢᠭᠦᠬᠦ ᠬᠣᠷᠢᠶ᠎ᠠ  ᠂ ᠳᠡᠭᠡᠳᠦ ᠪᠠᠶᠢᠴᠠᠭᠠᠬᠤ ᠬᠣᠷᠢᠶ᠎ᠠ ᠢ᠋ᠢᠨ ᠬᠠᠤᠯᠢ ᠴᠠᠭᠠᠵᠠ ᠶᠢᠨ ᠲᠠᠶᠢᠯᠪᠤᠷᠢᠯᠠᠯᠲᠠ  ᠶᠢ ᠦᠨᠳᠦᠰᠦᠯᠡᠨ ᠂  ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠢᠨ ᠲᠣᠭ᠎ᠠ ᠬᠡᠮᠵᠢᠶ᠎ᠡ ᠨᠢ ᠭᠤᠷᠪᠠᠨ ᠲᠦᠮᠡᠨ ᠲᠥᠭᠥᠷᠢᠭ ᠡᠴᠡ ᠳᠡᠭᠡᠭᠰᠢ ᠪᠠᠶᠢᠪᠠᠯ 《 ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠢᠨ ᠲᠣᠭ᠎ᠠ ᠬᠡᠮᠵᠢᠶ᠎ᠡ ᠨᠢ ᠨᠡᠯᠢᠶᠡᠳ ᠶᠡᠬᠡ 》ᠳ᠋ᠤ ᠲᠣᠭᠠᠴᠢᠭᠳᠠᠨ᠎ᠠ ᠃ 《 ᠪᠤᠰᠤᠳ ᠬᠦᠨᠳᠦ ᠨᠣᠴᠢᠲᠠᠶ ᠤᠢᠢᠯᠠ ᠪᠠᠶᠢᠳᠠᠯ ᠲᠠᠶ ᠪᠠᠶᠢᠬᠤ 》 ᠳ᠋ᠤ ᠳᠣᠣᠷᠠᠬᠢ ᠵᠦᠢᠯ ᠦᠳ ᠪᠠᠭᠲᠠᠨ᠎ᠠ ᠄ ( 1 ) ᠬᠠᠤᠯᠢ ᠪᠤᠰᠤ ᠪᠠᠷ ᠡᠵᠡᠩᠨᠡᠭᠰᠡᠨ ᠲᠣᠭ᠎ᠠ ᠬᠡᠮᠵᠢᠶ᠎ᠡ ᠨᠢ ᠲᠠᠪᠤᠨ ᠲᠦᠮᠡᠨ ᠲᠥᠭᠥᠷᠢᠭ ᠡᠴᠡ ᠳᠡᠭᠡᠭᠰᠢ ᠪᠠᠶᠢᠬᠤ ᠃( 2 ) ᠵᠣᠬᠢᠶᠠᠯ ᠪᠦᠲᠦᠭᠡᠯ ᠦᠨ ᠡᠷᠬᠡᠲᠦ ᠬᠥᠮᠦᠨ ᠦ ᠵᠥᠪᠰᠢᠶᠡᠷᠡᠯ  ᠦᠭᠡᠢ ᠪᠡᠷ  ᠪᠠᠭᠤᠯᠭᠠᠵᠤ ᠲᠠᠷᠬᠠᠭᠠᠭᠰᠠᠨ ᠲᠡᠭᠦᠨ ᠦ ᠦᠰᠦᠭ ᠪᠢᠴᠢᠭ ᠦᠨ ᠪᠦᠲᠦᠭᠡᠯ ᠂ ᠳᠠᠭᠤᠤ ᠬᠥᠭᠵᠢᠮ ᠂ ᠺᠢᠨᠣ᠋ ᠂ ᠲᠧᠯᠸᠢᠰ ᠂ ᠳᠦᠷᠰᠦ ᠰᠢᠩᠭᠡᠭᠡᠯᠲᠡ ᠶᠢᠨ ᠪᠦᠲᠦᠭᠡᠯ᠂ ᠺᠣᠮᠫᠢᠦ᠋ᠲ᠋ᠧᠷ ᠦᠨ ᠵᠥᠭᠡᠯᠡᠨ ᠲᠣᠨᠤᠭ ᠪᠣᠯᠤᠨ ᠪᠤᠰᠤᠳ ᠵᠦᠢᠯ ᠦᠨ ᠪᠦᠲᠦᠭᠡᠯ  ᠤ᠋ᠨ ᠪᠠᠭᠤᠯᠭᠠᠪᠤᠷᠢ ᠶᠢᠨ ᠲᠣᠭ᠎ᠠ ᠬᠡᠮᠵᠢᠶ᠎ᠡ ᠶᠢ ᠨᠢ ᠨᠡᠶᠢᠯᠡᠭᠦᠯᠵᠦ ᠪᠣᠳᠣᠭᠠᠳ ᠮᠢᠩᠭᠠᠨ ᠬᠠᠭᠤᠳᠠᠰᠤ( ᠬᠤᠪᠢ )  ᠠᠴᠠ ᠳᠡᠭᠡᠭᠰᠢ ᠪᠠᠶᠢᠬᠤ ᠃ ( 3 ) ᠪᠤᠰᠤᠳ ᠬᠦᠨᠳᠦ ᠨᠣᠴᠢᠲᠠᠶ ᠤᠢᠢᠯᠠ ᠪᠠᠶᠢᠳᠠᠯ ᠲᠠᠶ ᠪᠠᠢᠬᠤ ᠃ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠢᠨ ᠲᠣᠭ᠎ᠠ  ᠬᠡᠮᠵᠢᠶ᠎ᠡ ᠨᠢ ᠠᠷᠪᠠᠨ ᠲᠦᠮᠡᠨ ᠲᠥᠭᠥᠷᠢᠭ ᠡᠴᠡ ᠳᠡᠭᠡᠭᠰᠢ ᠪᠠᠶᠢᠪᠠᠯ 《 ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠢᠨ ᠲᠣᠭ᠎ᠠ ᠬᠡᠮᠵᠢᠶ᠎ᠡ ᠨᠢ ᠲᠣᠮᠤ ᠶᠡᠬᠡ 》ᠳ᠋ᠤ ᠪᠠᠭᠲᠠᠨ᠎ᠠ ᠃ 《 ᠣᠨᠴᠠᠭᠠᠶ ᠬᠦᠨᠳᠦ ᠨᠣᠴᠢᠲᠠᠶ ᠪᠤᠰᠤᠳ ᠤᠢᠢᠯᠠ ᠪᠠᠶᠢᠳᠠᠯ ᠲᠠᠶ ᠪᠠᠶᠢᠬᠤ 》ᠳᠣᠣᠷᠠᠬᠢ ᠵᠦᠢᠯ ᠦᠳ ᠪᠠᠭᠲᠠᠨ᠎ᠠ ᠄ ( 1 ) ᠬᠠᠤᠯᠢ ᠪᠤᠰᠤ ᠪᠠᠷ ᠡᠵᠡᠩᠨᠡᠭᠰᠡᠨ ᠲᠣᠭ᠎ᠠ ᠨᠢ ᠬᠣᠷᠢᠨ ᠲᠠᠪᠤᠨ ᠲᠦᠮᠡᠨ ᠲᠥᠭᠥᠷᠢᠭ ᠡᠴᠡ ᠳᠡᠭᠡᠭᠰᠢ ᠪᠠᠶᠢᠬᠤ ᠃ ( 2 ) ᠵᠣᠬᠢᠶᠠᠯ ᠪᠦᠲᠦᠭᠡᠯ ᠦᠨ ᠡᠷᠬᠡᠲᠦ ᠬᠥᠮᠦᠨ ᠦ ᠵᠥᠪᠰᠢᠶᠡᠷᠡᠯ  ᠦᠭᠡᠢ ᠪᠡᠷ ᠲᠡᠭᠦᠨ ᠦ ᠦᠰᠦᠭ ᠪᠢᠴᠢᠭ ᠦᠨ ᠪᠦᠲᠦᠭᠡᠯ ᠂ ᠳᠠᠭᠤᠤ ᠬᠥᠭᠵᠢᠮ ᠂ ᠺᠢᠨᠣ᠋ ᠂ ᠲᠧᠯᠸᠢᠰ᠂ ᠳᠦᠷᠰᠦ ᠰᠢᠩᠭᠡᠭᠡᠯᠲᠡ ᠶᠢᠨ ᠪᠦᠲᠦᠭᠡᠯ ᠂ ᠺᠣᠮᠫᠢᠦ᠋ᠲ᠋ᠧᠷ ᠦᠨ ᠵᠥᠭᠡᠯᠡᠨ   ᠲᠣᠨᠤᠭ ᠪᠣᠯᠤᠨ ᠪᠤᠰᠤᠳ ᠵᠦᠢᠯ ᠦᠨ ᠪᠦᠲᠦᠭᠡᠯ ᠢ ᠪᠠᠭᠤᠯᠭᠠᠵᠤ ᠲᠠᠷᠬᠠᠭᠠᠵᠤ ᠪᠠᠭᠤᠯᠭᠠᠪᠤᠷᠢ ᠶᠢᠨ ᠲᠣᠭ᠎ᠠ  ᠬᠡᠮᠵᠢᠶ᠎ᠡ ᠶᠢ ᠨᠢ ᠨᠡᠶᠢᠯᠡᠭᠦᠯᠵᠦ ᠪᠣᠳᠣᠭᠠᠳ ᠲᠠᠪᠤᠨ ᠮᠢᠩᠭᠠᠨ  ᠬᠠᠭᠤᠳᠠᠰᠤ ( ᠬᠤᠪᠢ )  ᠠᠴᠠ ᠳᠡᠭᠡᠭᠰᠢ ᠪᠠᠶᠢᠬᠤ ᠃( 3 ) ᠪᠤᠰᠤᠳ ᠣᠨᠴᠠᠭᠠᠶ ᠬᠦᠨᠳᠦ ᠨᠣᠴᠢᠲᠠᠶ ᠤᠢᠢᠯᠠ ᠪᠠᠶᠢᠳᠠᠯ ᠲᠠᠶ  ᠪᠠᠢᠬᠤ᠃

(ᠬᠣᠶᠠᠷ)ᠡᠷᠬᠡ ᠳᠦ ᠬᠠᠯᠳᠠᠭᠰᠠᠨ ᠪᠠᠭᠤᠯᠭᠠᠪᠤᠷᠢ ᠪᠦᠲᠦᠭᠡᠭᠳᠡᠬᠦᠨ ᠢ ᠪᠣᠷᠣᠯᠠᠭᠤᠯᠤᠭᠰᠠᠨ ᠶᠠᠯ᠎ᠠ ᠃ 《 ᠡᠷᠡᠭᠦᠦ ᠶᠢᠨ ᠬᠠᠤᠯᠢ 》  ᠶᠢᠨ ᠬᠣᠶᠠᠷ ᠵᠠᠭᠤ ᠠᠷᠪᠠᠨ ᠨᠠᠶᠮᠠᠳᠤᠭᠠᠷ ᠵᠦᠢᠯ ᠢ᠋  ᠦᠨᠳᠦᠰᠦᠯᠡᠪᠡᠯ ᠂ ᠠᠰᠢᠭ ᠬᠣᠨᠵᠢᠪᠣᠷᠢ ᠤᠯᠬᠤ ᠵᠣᠷᠢᠯᠭ᠎ᠠ ᠪᠠᠷ《 ᠵᠣᠬᠢᠶᠠᠯ ᠪᠦᠲᠦᠭᠡᠯ ᠦᠨ ᠡᠷᠬᠡ ᠶᠢᠨ ᠬᠠᠤᠯᠢ 》  ᠶᠢᠨ ᠬᠣᠶᠠᠷ ᠵᠠᠭᠤ ᠠᠷᠪᠠᠨ ᠳᠣᠯᠣᠳᠤᠭᠠᠷ ᠵᠦᠢᠯ ᠳᠦ ᠲᠣᠭᠲᠠᠭᠠᠭᠰᠠᠨ ᠪᠤᠰᠤᠳ ᠤᠨ ᠡᠷᠬᠡ ᠳᠦ ᠬᠠᠯᠳᠠᠬᠤ ᠶ᠋ᠢ ᠲᠣᠳᠣᠷᠬᠠᠶ ᠮᠡᠳᠡᠵᠦ ᠪᠠᠶᠢᠭᠠᠳ ᠪᠠᠭᠤᠯᠭᠠᠪᠤᠷᠢ ᠪᠦᠲᠦᠭᠡᠭᠳᠡᠬᠦᠨ ᠪᠣᠷᠣᠯᠠᠭᠤᠯᠤᠭᠠᠳ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠢᠨ ᠲᠣᠭ᠎ᠠ  ᠬᠡᠮᠵᠢᠶ᠎ᠡ ᠨᠢ ᠲᠣᠮᠤ ᠶᠡᠬᠡ ᠪᠠᠶᠢᠪᠠᠯ  ᠭᠤᠷᠪᠠᠨ ᠵᠢᠯ ᠡᠴᠡ ᠳᠣᠷᠤᠭᠰᠢ ᠬᠤᠭᠤᠴᠠᠭ᠎ᠠ ᠲᠠᠶ ᠬᠣᠷᠢᠬᠤ ᠪᠤᠶᠤ ᠬᠣᠷᠢᠵᠤ ᠬᠥᠳᠡᠯᠮᠦᠷᠢᠯᠡᠭᠦᠯᠬᠦ ᠪᠡᠷ ᠰᠢᠳᠬᠡᠵᠦ ᠂ ᠵᠣᠭᠣᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠬᠦ ᠪᠤᠶᠤ ᠲᠠᠩ ᠢᠶᠠᠷ ᠰᠢᠳᠬᠡᠨ᠎ᠡ ᠃ ᠳᠡᠭᠡᠳᠦ ᠰᠢᠭᠦᠬᠦ ᠬᠣᠷᠢᠶ᠎ᠠ  ᠂ ᠳᠡᠭᠡᠳᠦ ᠪᠠᠶᠢᠴᠠᠭᠠᠬᠤ ᠬᠣᠷᠢᠶ᠎ᠠ ᠢ᠋ᠢᠨ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠢ᠋ ᠦᠨᠳᠦᠰᠦᠯᠡᠨ ᠂ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠢᠨ ᠲᠣᠭ᠎ᠠ  ᠬᠡᠮᠵᠢᠶ᠎ᠡ ᠨᠢ ᠠᠷᠪᠠᠨ ᠲᠦᠮᠡᠨ ᠲᠥᠭᠥᠷᠢᠭ ᠡᠴᠡ ᠳᠡᠭᠡᠭᠰᠢ ᠪᠠᠶᠢᠪᠠᠯ《 ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠢᠨ ᠲᠣᠭ᠎ᠠ ᠬᠡᠮᠵᠢᠶ᠎ᠡ ᠨᠢ  ᠲᠣᠮᠤ ᠶᠡᠬᠡ 》ᠳ᠋ᠤ ᠲᠣᠭᠠᠴᠢᠭᠳᠠᠨ᠎ᠠ ᠃

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ