ᠲᠠᠪᠴᠠᠩ ᠤᠨ ᠲᠠᠨᠢᠯᠴᠠᠭᠤᠯᠭ᠎ᠠ
ᠲᠠᠪᠴᠠᠩ ᠤᠨ ᠲᠠᠨᠢᠯᠴᠠᠭᠤᠯᠭ᠎ᠠ

ᠳᠤᠮᠳᠠᠳᠤ ᠮᠣᠩᠭᠣᠯ ᠤᠨ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠤᠯᠠᠨ ᠨᠡᠶᠢᠲᠡ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠦ ᠲᠠᠪᠴᠠᠩ 

ᠳᠤᠮᠳᠠᠳᠤ ᠮᠣᠩᠭᠣᠯ ᠤᠨ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠮᠡᠳᠡᠭᠡ ᠵᠠᠩᠭᠢ ᠢᠢᠨ ᠲᠠᠪᠴᠠᠩ  ᠤᠨ ᠦᠢᠯᠡᠳᠦᠯ ᠨᠡᠩ ᠰᠠᠢᠢᠨ ᠪᠠᠳᠠᠷᠠᠭᠤᠯᠵᠤ ᠲᠥᠯᠥᠭᠡ ᠂ ᠮᠠᠨ ᠤ ᠤᠯᠤᠰ ᠪᠣᠯᠤᠨ ᠮᠣᠩᠭᠣᠯ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠬᠠᠮᠲᠤᠷᠠᠨ ᠠᠵᠢᠯᠯᠠᠬᠤ ᠂ ᠳᠣᠰ ᠭᠠᠵᠠᠷ ᠣᠷᠣᠨ ᠤ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠲᠦᠷᠢᠮ ᠢ ᠲᠡᠭᠦᠯᠳᠡᠷᠵᠢᠭᠦᠯᠬᠦ ᠂ ᠬᠣᠭᠣᠷᠣᠨᠳᠣ ᠨᠡᠩ ᠨᠢᠭᠲᠠ ᠠᠵᠤ ᠠᠬᠤᠶ ᠂ ᠠᠷᠠᠯᠵᠢᠶᠠᠨ ᠤ ᠬᠠᠷᠢᠴᠠᠭ᠎ᠠ ᠶᠢᠨ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢ ᠬᠠᠮᠠᠭᠠᠯᠠᠬᠤ ᠪᠠ ᠬᠠᠮᠲᠤᠷᠠᠨ ᠠᠵᠢᠯᠯᠠᠬᠤ ᠲᠦᠷᠭᠡᠳᠬᠡᠵᠦ ᠂ ᠬᠣᠶᠠᠷ ᠡᠲᠡᠭᠡᠳ ᠦᠨ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠂ ᠰᠣᠯᠢᠯᠴᠠᠭ᠎ᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠦᠨ ᠦᠷ᠎ᠡ ᠪᠦᠲᠦᠭᠡᠯ ᠦᠨ ᠬᠤᠪᠢᠷᠠᠭᠤᠯᠤᠯᠲᠠ ᠶᠢᠨ ᠂ ᠳᠤᠮᠳᠠᠳᠤ ᠮᠣᠩᠭᠣᠯ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠤᠯᠠᠨ ᠨᠡᠶᠢᠲᠡ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠦ ᠲᠠᠪᠴᠠᠩ ᠢ ᠨᠢᠳᠤᠨ ᠡᠮᠦᠨ᠎ᠡ ᠲᠤᠯᠭᠠᠷᠠᠭᠠᠳ ᠪᠠᠶᠢᠬᠤ ᠂ ᠪᠠᠶᠢᠭᠤᠯᠤᠯᠲᠠ ᠶᠢ ᠲᠡᠭᠦᠯᠳᠡᠷᠵᠢᠭᠦᠯᠵᠦ ᠂ ᠬᠣᠶᠠᠷ ᠲᠠᠯ᠎ᠠ ᠪᠠᠷ ᠢᠶᠠᠨ ᠬᠠᠮᠲᠤ ᠪᠠᠷ ᠡᠳ᠋ᠯᠡᠬᠦ ᠪᠠ ᠬᠠᠷᠢᠯᠴᠠᠨ ᠨᠡᠶᠢᠴᠡᠭᠰᠡᠨ ᠤᠯᠠᠨ ᠴᠢᠳᠠᠪᠤᠷᠢᠲᠤ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠤᠯᠠᠨ ᠨᠡᠶᠢᠲᠡ ᠶᠢᠨ ᠦᠢᠯᠡᠴᠢᠯᠡᠭᠡᠨ ᠦ ᠲᠠᠪᠴᠠᠩ ᠪᠣᠯᠤᠨ᠎ᠠ ᠃ ᠬᠣᠶᠠᠷ ᠤᠯᠤᠰ ᠤᠨ ᠣᠯᠠᠨ ᠨᠡᠶᠢᠲᠡ ᠳᠦ ᠬᠠᠩᠭᠠᠬᠤ ᠡᠷᠬᠡ ᠰᠦᠷ ᠂ ᠪᠠᠷᠢᠮᠵᠢᠶ᠎ᠠ , ᠨᠢᠭᠡᠳᠦᠯᠲᠡᠶ , ᠳᠦᠷᠢᠮᠵᠢᠯ , ᠲᠤᠰᠬᠠᠶ ᠮᠡᠷᠭᠡᠵᠢᠯ ᠦᠨ ᠤᠯᠠᠮ ᠨᠢᠭᠡ ᠠᠯᠬᠤᠮ ᠬᠥᠭᠵᠢᠭᠦᠯᠬᠦ ᠳᠦ ᠠᠰᠢᠭᠲᠠᠶ ᠠᠬᠢᠭᠤᠯᠵᠤ ᠂ ᠳᠤᠮᠳᠠᠳᠤ ᠮᠣᠩᠭᠣᠯ ᠬᠣᠶᠠᠷ ᠤᠯᠤᠰ ᠤᠨ ᠬᠣᠭᠣᠷᠣᠨᠳᠣᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠵᠡᠷᠭᠡ ᠬᠦᠷᠢᠶᠡᠨ ᠳᠡᠬᠢ ᠰᠣᠯᠢᠯᠴᠠᠭ᠎ᠠ ᠬᠠᠮᠲᠤᠷᠠᠯᠴᠠᠭᠠᠨ ᠤ ᠮᠡᠳᠡᠭᠡ ᠵᠠᠩᠭᠢ ᠶᠢᠨ ᠲᠠᠪᠴᠠᠩ ᠂ ᠲᠤᠰ ᠭᠠᠵᠠᠷ ᠣᠷᠣᠨ᠟ ᠤ ᠠᠵᠤ ᠠᠬᠤᠶ ᠶᠢᠨ ᠬᠥᠭᠵᠢᠯ ᠪᠠᠳᠠᠷᠠᠯ ᠪᠠ ᠨᠡᠶᠢᠭᠡᠮ ᠦᠨ ᠲᠠᠪᠰᠢᠯᠳᠠ ᠶᠢ ᠬᠠᠮᠲᠤ ᠪᠠᠷ ᠲᠦᠯᠬᠢᠨ  ᠠᠬᠢᠭᠤᠯᠤᠨ᠎ᠠ᠃ 
     ᠳᠤᠮᠳᠠᠳᠤ ᠮᠣᠩᠭᠣᠯ ᠤᠨ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠤᠯᠠᠨ ᠨᠡᠶᠢᠲᠡ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠦ ᠲᠠᠪᠴᠠᠩ ᠪᠣᠯ ᠠᠩᠬᠠᠳᠠᠭᠴᠢ ᠬᠢᠲᠠᠳ ᠦᠰᠦᠭ ᠦᠨ ᠂ ᠮᠣᠩᠭᠣᠯ , ᠺᠢᠷᠢᠯ ᠭᠤᠷᠪᠠᠨ ᠵᠦᠢᠯ ᠦᠨ ᠬᠡᠯᠡ ᠪᠡᠷ ᠰᠤᠳᠤᠯᠤᠨ ᠨᠡᠭᠡᠭᠡᠬᠦ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠟ᠤ ᠲᠠᠪᠴᠠᠩ ᠂ ᠲᠡᠭᠦᠨ ᠦ ᠭᠣᠣᠯ ᠴᠢᠳᠠᠪᠤᠷᠢ ᠪᠠᠶᠢᠳᠠᠭ ᠄ ᠨᠢᠭᠡ ᠳᠦ ᠴᠠᠭ ᠲᠤᠬᠠᠶ ᠳᠤᠨᠢ ᠨᠡᠶᠢᠲᠡᠯᠡᠵᠦ ᠂ ᠳᠤᠮᠳᠠᠳᠤ ᠤᠯᠤᠰ ᠂ ᠥᠪᠥᠷ ᠮᠣᠩᠭᠣᠯ ᠵᠢᠴᠢ ᠮᠣᠩᠭᠣᠯ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠲᠤᠬᠠᠶ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠪᠠᠶᠢᠭᠤᠯᠤᠯ , ᠲᠦᠷᠦ ᠶᠢᠨ ᠪᠤᠳᠤᠯᠭ᠎ᠠ ᠵᠡᠷᠭᠡ ᠬᠣᠯᠪᠣᠭᠳᠠᠯ ᠪᠦᠬᠦᠢ ᠮᠡᠳᠡᠭᠡ ᠵᠠᠩᠭᠢ ; ᠬᠣᠶᠠᠷ ᠲᠤ ᠳᠤᠮᠳᠠᠳᠤ ᠮᠣᠩᠭᠣᠯ ᠬᠣᠶᠠᠷ ᠤᠯᠤᠰ ᠤᠨ ᠥᠷᠭᠡᠨ ᠤᠯᠠᠨ ᠮᠣᠩᠭᠣᠯ ᠦᠨᠳᠦᠰᠦᠲᠡᠨ ᠣᠯᠠᠨ ᠨᠡᠶᠢᠲᠡ ᠶᠢᠨ ᠭᠣᠣᠯᠳᠠᠯᠭ᠎ᠠ ᠪᠣᠯᠭᠠᠨ ᠦᠢᠯᠡᠴᠢᠯᠡᠨ᠎ᠡ ᠂ ᠭᠦᠶᠴᠡᠳ ᠡᠮᠬᠢᠯᠡᠨ ᠨᠡᠶᠢᠯᠡᠭᠦᠯᠵᠦ ᠂ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠪᠣᠯᠤᠨ ᠦᠢᠯᠡᠴᠢᠯᠡᠭᠡᠨ ᠟ᠤ ᠲᠥᠷᠥᠯ ᠵᠦᠢᠯ ᠟ᠢ ᠴᠢᠷᠮᠠᠶᠢᠨ ᠮᠣᠩᠭᠣᠯ ᠦᠨᠳᠦᠰᠦᠲᠡᠨ ᠤᠯᠠᠨ ᠨᠡᠢᠢᠳᠡ ᠟ᠳᠤ ᠲᠦᠷᠭᠡᠨ ᠂ ᠳᠥᠭᠥᠮ ᠳᠥᠲᠡ ᠂ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠬᠠᠨ᠎ᠠ ; ᠭᠤᠷᠪᠠ ᠳᠤ ᠳᠤᠮᠳᠠᠳᠤ ᠮᠣᠩᠭᠣᠯ ᠬᠣᠶᠠᠷ ᠲᠠᠯ᠎ᠠ ᠶᠢᠨ ᠡᠯ᠎ᠡ ᠡᠲᠡᠭᠡᠳ ᠦᠨ ᠬᠢᠨ ᠲᠡᠶ ᠰᠠᠨᠠᠯ ᠢᠶᠠᠨ ᠰᠣᠯᠢᠯᠴᠠᠵᠤ ᠂ ᠳᠠᠮᠵᠢᠭᠤᠯᠭ᠎ᠠ ᠶᠢᠨ ᠬᠣᠶᠠᠷ ᠡᠲᠡᠭᠡᠳ ᠦᠨ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠟ᠢᠢᠨ ᠬᠠᠮᠤᠭ ᠟ᠣᠨ ᠰᠢᠨ᠎ᠡ ᠪᠠᠶᠢᠳᠠᠯ ᠂ ᠳᠥᠯᠭᠢᠨ ᠬᠦᠷᠭᠡᠬᠦ ᠂ ᠳᠡᠯᠭᠡᠨ ᠦᠵᠡᠭᠦᠯᠬᠦ ᠬᠠᠮᠤᠭ ᠤᠨ ᠰᠢᠨ᠎ᠡ ᠪᠣᠳᠠᠲᠤ ᠬᠡᠷᠡᠭᠯᠡᠭᠡᠨ ᠦ ᠲᠤᠰᠬᠠᠶ ᠠᠰᠢᠭ ᠤᠨ ᠮᠡᠷᠭᠡᠵᠢᠯ ᠂ ᠰᠣᠶᠣᠯ  ᠤᠨ ᠪᠦᠲᠦᠭᠡᠯᠴᠢ ᠦᠶᠯᠡᠳᠬᠦᠨ  ᠢ ᠡᠭᠦᠳᠦᠨ ᠪᠦᠲᠦᠭᠡᠬᠦ ᠂ ᠲᠠᠭᠤ ᠳᠦᠷᠰᠦ ᠰᠢᠩᠭᠡᠭᠡᠯᠲᠡ ᠶᠢᠨ ᠦᠢᠯᠡᠳᠬᠦᠨ ᠵᠡᠷᠭᠡ  ᠶᠢ ᠠᠬᠢᠭᠤᠯᠵᠤ᠂ ᠬᠣᠶᠠᠷ ᠲᠠᠯ᠎ᠠ ᠶᠢᠨ ᠮᠣᠩᠭᠣᠯ ᠦᠨᠳᠦᠰᠦᠲᠡᠨ ᠂ ᠠᠷᠠᠳ ᠤᠯᠠᠨ ᠢ ᠴᠠᠭ ᠲᠤᠬᠠᠶ ᠳᠤᠨᠢ ᠂ ᠪᠦᠬᠦ ᠲᠠᠯ᠎ᠠ ᠪᠠᠷ ᠤᠢᠢᠯᠠᠭᠠᠨ ᠡᠵᠡᠮᠰᠢᠵᠦ ᠂ ᠳᠤᠮᠳᠠᠳᠤ ᠮᠣᠩᠭᠣᠯ ᠬᠣᠶᠠᠷ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠲᠤᠬᠠᠶ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ  ᠵᠢᠴᠢ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠬᠠᠮᠢᠶ᠎ᠠ ᠪᠦᠬᠦᠢ ᠮᠡᠳᠡᠯᠭᠡ ᠶᠢ ᠡᠵᠡᠮᠰᠢᠵᠦ ᠂ ᠣᠷᠣᠨ ᠪᠦᠰᠡ ᠶᠢᠨ ᠲᠧᠭᠨᠢᠭ ᠮᠡᠷᠭᠡᠵᠢᠯ ᠦᠨ ᠲᠠᠯ᠎ᠠ ᠪᠠᠷ ᠰᠢᠨ᠎ᠡ ᠶᠢ ᠡᠭᠦᠳᠬᠦ ᠪᠠ ᠠᠵᠤ ᠠᠬᠤᠶ ᠶᠢᠨ ᠬᠥᠭᠵᠢᠯᠲᠡ ᠶᠢ ᠲᠦᠯᠬᠢᠨ  ᠠᠬᠢᠭᠤᠯᠬᠤ ᠬᠡᠷᠡᠭᠲᠡᠶ ᠃ 

 

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ