ᠲᠦᠷᠥ ᠶᠢᠨ ᠪᠣᠳᠤᠯᠭ᠎ᠠ ᠳᠦᠷᠢᠮ ᠲᠣᠭᠲᠠᠭᠠᠯ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠨ ᠰᠢᠶᠳᠪᠦᠷᠢᠯᠡᠭᠰᠡᠨ ᠠᠷᠭ᠎ᠠ ᠪᠣᠯᠭᠠᠨ ᠬᠠᠭᠤᠷᠮᠠᠭᠯᠠᠭᠰᠠᠨ ᠦᠢᠯᠡ ᠠᠵᠢᠯᠯᠠᠭ᠎ᠠ
2017.07.19 ᠲᠣᠰ ᠥᠷᠲᠡᠭᠡᠨ ᠦ ᠨᠠᠢᠷᠠᠭᠤᠯᠤᠭᠴᠢ

    ᠨᠢᠭᠡᠳᠦᠭᠡᠷ ᠵᠦᠢᠯ   ᠲᠤᠰᠬᠠᠶ ᠠᠰᠢᠭ ᠤᠨ ᠬᠠᠮᠢᠶᠠᠷᠤᠯᠲᠠ ᠶᠢᠨ ᠴᠢᠩᠭᠠᠳᠬᠠᠬᠤ ᠶᠢᠨ ᠲᠥᠯᠥᠭᠡ ᠂ ᠪᠣᠯᠭᠠᠨ ᠬᠠᠭᠤᠷᠮᠠᠭᠯᠠᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ ᠂ ᠬᠠᠮᠠᠭᠠᠯᠠᠨ ᠂ ᠠᠷᠠᠳ ᠢᠷᠭᠡᠨ ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ 《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠠᠶ ᠠᠰᠢᠭ ᠤᠨ ᠬᠠᠤᠯᠢ 》 ᠵᠢᠴᠢ ᠬᠣᠯᠪᠣᠭᠳᠠᠯ ᠪᠦᠬᠦᠢ ᠬᠠᠤᠯᠢ ᠴᠠᠭᠠᠵᠠ ᠂ ᠵᠠᠶ᠋ᠢᠭ , ᠥᠪᠡᠷᠲᠡᠭᠡᠨ ᠵᠠᠰᠠᠬᠤ ᠣᠷᠣᠨ ᠟ᠤ ᠪᠣᠳᠠᠲᠤ ᠪᠠᠶᠢᠳᠠᠯ ᠲᠠᠶ ᠤᠶᠠᠯᠳᠤᠭᠤᠯᠤᠨ ᠂ ᠲᠤᠰ ᠠᠷᠭ᠎ᠠ ᠟ᠢᠶ ᠲᠣᠭᠲᠠᠭᠠᠪᠠ ᠃
    ᠬᠣᠶᠠᠳᠤᠭᠠᠷ ᠵᠦᠢᠯ     ᠲᠤᠰ ᠠᠷᠭ᠎ᠠ ᠟ᠳᠤ ᠬᠡᠯᠡᠵᠦ ᠪᠠᠶᠢᠭ᠎ᠠ ᠪᠣᠯᠭᠠᠨ ᠬᠠᠭᠤᠷᠮᠠᠭᠯᠠᠨ ᠣᠷᠣᠯᠠᠭᠤᠯᠤᠭᠰᠠᠨ ᠦᠢᠯᠡ ᠠᠵᠢᠯᠯᠠᠭ᠎ᠠ ᠂ ᠭᠡᠳᠡᠭ ᠨᠢ ᠦᠢᠯᠡᠳᠪᠦᠷᠢᠯᠡᠯ ᠡᠵᠡᠩᠨᠡᠯᠲᠡ ᠶᠢᠨ ᠪᠤᠰᠤ ᠵᠣᠷᠢᠯᠭ᠎ᠠ ᠪᠣᠯᠭᠠᠵᠤ ᠲᠤᠰᠬᠠᠶ ᠠᠰᠢᠭ ᠤᠨ ᠦᠢᠯᠡᠳᠬᠦᠨ ᠪᠤᠶᠤ ᠲᠤᠰᠬᠠᠶ ᠠᠰᠢᠭ ᠤᠨ ᠪᠤᠰᠤ ᠠᠷᠭ᠎ᠠ ᠶᠢ ᠲᠤᠰᠬᠠᠶ ᠠᠰᠢᠭ ᠤᠨ ᠦᠢᠯᠡᠳᠬᠦᠨ ᠪᠤᠶᠤ ᠲᠤᠰᠬᠠᠶ ᠠᠰᠢᠭ ᠤᠨ ᠠᠷᠭ᠎ᠠ ᠪᠣᠯᠭᠠᠨ ᠨᠣᠷᠮᠠᠯᠢᠭ᠋ ᠦᠢᠯᠡ ᠠᠵᠢᠯᠯᠠᠭ᠎ᠠ ᠂ ᠲᠡᠭᠦᠨ ᠳᠦ ᠪᠠᠭᠲᠠᠬᠤ ᠨᠢ ᠄ :
( ᠨᠢᠭᠡ ) ᠬᠠᠭᠤᠷᠮᠠᠭᠯᠠᠨ ᠦᠢᠯᠡᠳᠦᠭᠰᠡᠨ ᠲᠤᠰᠬᠠᠶ ᠠᠰᠢᠭ ᠤᠨ ᠦᠨᠡᠮᠯᠡᠯ ᠂ ᠲᠤᠰᠬᠠᠶ ᠠᠰᠢᠭ ᠤᠨ ᠨᠣᠮᠧᠷ ᠪᠤᠶᠤ ᠪᠤᠰᠤᠳ ᠲᠤᠰᠬᠠᠶ ᠠᠰᠢᠭ ᠤᠨ ᠲᠡᠮᠳᠡᠭ ;
( ᠬᠣᠶᠠᠷ ) ᠲᠣᠳᠣᠷᠬᠠᠶ ᠮᠡᠳᠡᠵᠦ ᠪᠠᠶᠢᠭᠠᠳ ᠨᠢᠭᠡᠨᠲᠡ ᠬᠦᠴᠦᠨ ᠦᠭᠡᠢ ᠪᠣᠯᠭᠠᠭᠰᠠᠨ ᠂ ᠬᠦᠴᠦᠨ ᠤᠢᠭᠡᠢ ᠪᠡᠷ ᠵᠠᠷᠯᠠᠭᠰᠠᠨ ᠪᠤᠶᠤ ᠳᠠᠭᠤᠰᠬᠠᠬᠤ ᠳᠤ ᠲᠤᠰᠬᠠᠶ ᠠᠰᠢᠭ ᠤᠨ ᠲᠤᠬᠠᠶ ᠲᠤᠰᠬᠠᠶ ᠠᠰᠢᠭ ᠤᠨ ᠦᠨᠡᠮᠯᠡᠯ ᠂ ᠲᠤᠰᠬᠠᠶ ᠠᠰᠢᠭ ᠤᠨ ᠨᠣᠮᠧᠷ ᠪᠤᠶᠤ ᠪᠤᠰᠤᠳ ᠲᠤᠰᠬᠠᠶ ᠠᠰᠢᠭ ᠤᠨ ᠲᠡᠮᠳᠡᠭ ;
( ᠭᠤᠷᠪᠠ ) ᠪᠤᠰᠤᠳ ᠤᠨ ᠪᠤᠰᠤ ᠳᠡᠶᠢᠯᠬᠦ ᠪᠤᠰᠤᠳ ᠲᠤᠰᠬᠠᠶ ᠠᠰᠢᠭ ᠤᠨ ᠦᠢᠯᠡᠳᠬᠦᠨ ᠪᠤᠶᠤ ᠲᠤᠰᠬᠠᠶ ᠠᠰᠢᠭ ᠤᠨ ᠪᠤᠰᠤ ᠠᠷᠭ᠎ᠠ ᠶᠢ ᠲᠤᠰᠬᠠᠶ ᠠᠰᠢᠭ ᠤᠨ ᠦᠢᠯᠡᠳᠬᠦᠨ ᠪᠤᠶᠤ ᠲᠤᠰᠬᠠᠶ ᠠᠰᠢᠭ ᠤᠨ ᠠᠷᠭ᠎ᠠ ᠭᠡᠵᠦ ᠪᠤᠷᠤᠭᠤ ᠪᠠᠷ ᠦᠵᠡᠳᠡᠭ ᠃
    ᠭᠤᠷᠪᠠᠳᠤᠭᠠᠷ ᠵᠦᠢᠯ ᠠᠶᠢᠮᠠᠭ ᠟ᠣᠨ ᠵᠠᠬᠢᠷᠭ᠎ᠠ ᠪᠠ ᠲᠣᠭᠣᠷᠢᠭ ᠪᠠᠶᠢᠭᠤᠯᠤᠭᠰᠠᠨ ᠬᠤᠳᠠ ᠶᠢᠨ ᠱᠠᠲᠤᠨ ᠠᠴᠠ ᠳᠡᠭᠡᠭᠰᠢᠬᠢ ᠠᠷᠠᠳ ᠟ᠣᠨ ᠵᠠᠰᠠᠭ ᠟ᠣᠨ ᠣᠷᠳᠣᠨ ᠪᠣᠯᠭᠠᠨ ᠬᠠᠭᠤᠷᠮᠠᠭᠯᠠᠭᠰᠠᠨ ᠪᠠᠶᠢᠪᠠᠯ ᠲᠤᠰᠬᠠᠶ ᠠᠰᠢᠭ ᠢ ᠬᠠᠮᠢᠶᠠᠷᠬᠤ ᠪᠠᠶᠢᠭᠤᠯᠤᠯᠭ᠎ᠠ ᠬᠠᠷᠢᠭᠤᠴᠠᠨ ᠪᠠᠶᠢᠴᠠᠭᠠᠨ ᠰᠢᠶᠳᠪᠦᠷᠢᠯᠡᠬᠦ ᠠᠵᠢᠯᠯᠠᠭ᠎ᠠ ᠶᠢ ᠵᠢᠭᠠᠵᠤ ᠪᠠᠶᠢᠨ᠎ᠠ ᠃
    ᠦᠢᠯᠡᠳᠪᠦᠷᠢ ᠬᠤᠳᠠᠯᠳᠤᠭ᠎ᠠ , ᠮᠡᠷᠭᠡᠵᠢᠯ ᠦᠨ ᠬᠢᠨᠠᠯᠲᠠ ᠲᠠᠯᠪᠢᠬᠤ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠲᠡᠶ ᠬᠠᠮᠵᠢᠯᠴᠠᠨ ᠲᠤᠰᠬᠠᠶ ᠠᠰᠢᠭ ᠢ ᠬᠠᠮᠢᠶᠠᠷᠬᠤ ᠪᠠᠶᠢᠭᠤᠯᠤᠯᠭ᠎ᠠ ᠪᠠᠶᠢᠴᠠᠭᠠᠨ ᠰᠢᠶᠳᠪᠦᠷᠢᠯᠡᠬᠦ ᠪᠣᠯᠭᠠᠨ ᠬᠠᠭᠤᠷᠮᠠᠭᠯᠠᠨ ᠣᠷᠣᠯᠠᠭᠤᠯᠤᠭᠰᠠᠨ ᠥᠢᠯᠡ ᠠᠵᠢᠯᠯᠠᠭ᠎ᠠ ᠶᠢ ᠵᠢᠭᠠᠵᠤ ᠪᠠᠶᠢᠨ᠎ᠠ ᠃
    ᠳᠥᠷᠪᠡᠳᠦᠭᠡᠷ ᠵᠦᠢᠯ   ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠲᠤᠰᠬᠠᠶ ᠠᠰᠢᠭ ᠢ ᠬᠠᠮᠢᠶᠠᠷᠬᠤ ᠪᠠᠶᠢᠭᠤᠯᠤᠯᠭ᠎ᠠ ᠠᠴᠠ ᠢᠯᠡᠴᠢᠯᠡᠨ ᠮᠡᠳᠡᠭᠦᠯᠬᠦ ᠡᠷᠬᠡ ᠲᠡᠶ ᠪᠣᠯᠭᠠᠨ ᠬᠠᠭᠤᠷᠮᠠᠭᠯᠠᠨ ᠣᠷᠣᠯᠠᠭᠤᠯᠤᠭᠰᠠᠨ ᠥᠢᠯᠡ ᠠᠵᠢᠯᠯᠠᠭ᠎ᠠ ᠶᠢ ᠵᠢᠭᠠᠵᠤ ᠪᠠᠶᠢᠨ᠎ᠠ ᠃
    ᠲᠤᠰᠬᠠᠶ ᠠᠰᠢᠭ ᠢ ᠬᠠᠮᠢᠶᠠᠷᠬᠤ ᠪᠠᠶᠢᠭᠤᠯᠤᠯᠭ᠎ᠠ ᠠᠴᠠ ᠢᠯᠡᠴᠢᠯᠡᠨ ᠮᠡᠳᠡᠭᠦᠯᠦᠭᠰᠡᠨ ᠬᠥᠮᠦᠨ  ᠦ ᠨᠢᠭᠤᠴᠠ ᠶᠢ ᠬᠠᠮᠠᠭᠠᠯᠠᠬᠤ ᠬᠡᠷᠡᠭᠲᠡᠶ ᠪᠥᠭᠡᠳ ᠢᠯᠡᠴᠢᠯᠡᠨ ᠵᠠᠭᠠᠯᠳᠤᠬᠰᠠᠨ ᠭᠠᠪᠢᠶ᠎ᠠ ᠲᠠᠶ ᠬᠥᠮᠦᠰ ᠢ ᠱᠠᠩᠨᠠᠬᠤ ᠬᠡᠷᠡᠭᠲᠡᠶ ᠃
    ᠲᠠᠪᠤᠳᠤᠭᠠᠷ ᠵᠦᠢᠯ   ᠪᠣᠷᠣᠯᠠᠭᠤᠯᠬᠤ ᠂ ᠬᠣᠯᠪᠣᠬᠤ ᠪᠠᠢᠭᠰᠠᠨ ᠨᠢᠭᠡᠴᠡ ᠪᠤᠶᠤ ᠬᠤᠪᠢ ᠬᠥᠮᠦᠨ ᠲᠤᠰᠬᠠᠶ ᠠᠰᠢᠭ ᠤᠨ ᠲᠡᠮᠳᠡᠭ ᠳᠠᠭᠠᠯᠳᠤᠭᠤᠯᠬᠤ ᠬᠡᠷᠡᠭᠲᠡᠶ ᠂ ᠡᠭᠦᠷᠭᠡ ᠲᠡᠶ ᠪᠠᠷᠠᠭ᠎ᠠ ᠬᠠᠩᠭᠠᠬᠤ ᠡᠲᠡᠭᠡᠳ ᠡᠴᠡ ᠡᠵᠡᠩᠨᠡᠯᠲᠡ ᠬᠣᠯᠪᠣᠭᠳᠠᠯ ᠪᠦᠬᠦᠢ ᠮᠠᠲ᠋ᠧᠷᠢᠶᠠᠯ ᠪᠤᠶᠤ ᠪᠠᠭᠤᠯᠭᠠᠪᠤᠷᠢ  ᠶᠢ ᠭᠡᠷᠡᠴᠢᠯᠡᠵᠦ ᠴᠢᠳᠠᠪᠠᠯ ᠂ ᠲᠤᠰ ᠲᠤᠰᠬᠠᠶ ᠠᠰᠢᠭ ᠤᠨ ᠬᠦᠴᠦᠨ ᠲᠡᠶ ᠃
    ᠵᠢᠷᠭᠤᠳᠤᠭᠠᠷ ᠵᠦᠢᠯ   ᠲᠤᠰᠬᠠᠶ ᠠᠰᠢᠭ ᠤᠨ ᠬᠠᠮᠢᠶᠠᠷᠤᠯᠲᠠ ᠶᠢᠨ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠪᠠᠶᠢᠴᠠᠭᠠᠯᠲᠠ ᠬᠢᠬᠦ ᠪᠣᠯᠭᠠᠨ ᠬᠠᠭᠤᠷᠮᠠᠭᠯᠠᠨ ᠣᠷᠣᠯᠠᠭᠤᠯᠤᠭᠰᠠᠨ ᠦᠢᠯᠡ ᠠᠵᠢᠯᠯᠠᠭ᠎ᠠ ᠬᠢᠬᠦ ᠳᠡᠭᠡᠨ ᠲᠤᠬᠠᠶ ᠶᠢᠨ ᠬᠥᠮᠦᠨ ᠪᠠ ᠭᠡᠷᠡᠴᠢᠯᠡᠭᠴᠢ ᠶᠢ ᠯᠠᠪᠯᠠᠨ ᠠᠰᠠᠭᠤᠬᠤ ᠡᠷᠬᠡ ᠲᠡᠶ ᠂ ᠪᠠᠶᠢᠴᠠᠭᠠᠬᠤ ᠪᠠ ᠪᠣᠯᠭᠠᠨ ᠬᠠᠭᠤᠷᠮᠠᠭᠯᠠᠭᠰᠠᠨ ᠦᠢᠯᠡ ᠠᠵᠢᠯᠯᠠᠭ᠎ᠠ ᠲᠠᠶ ᠬᠣᠯᠪᠣᠭᠳᠠᠬᠤ ᠡᠳ᠋ ᠪᠣᠳᠠᠰ ᠂ ᠪᠠᠶᠢᠴᠠᠭᠠᠨ ᠤᠩᠰᠢᠬᠤ , ᠪᠠᠭᠤᠯᠭᠠᠵᠤ ᠂ ᠪᠣᠯᠭᠠᠨ ᠬᠠᠭᠤᠷᠮᠠᠭᠯᠠᠨ ᠣᠷᠣᠯᠠᠭᠤᠯᠤᠭᠰᠠᠨ ᠦᠢᠯᠡ ᠠᠵᠢᠯᠯᠠᠭ᠎ᠠ ᠨᠢ ᠬᠣᠯᠪᠣᠭᠳᠠᠯ ᠪᠥᠬᠥᠢ ᠭᠡᠷ᠎ᠡ ᠂ ᠳᠠᠩᠰᠠ ᠬᠠᠷ᠎ᠠ ᠵᠡᠷᠭᠡ ᠲᠤᠬᠠᠶᠢᠯᠠᠭᠰᠠᠨ ᠠᠵᠢᠯ ᠤᠨ ᠮᠠᠲ᠋ᠧᠷᠢᠶᠠᠯ ᠢ ᠬᠠᠩᠭᠠᠬᠤ ᠬᠡᠷᠡᠭᠲᠡᠶ ᠃ ᠭᠡᠷᠡᠴᠢ ᠤᠰᠠᠳᠴᠤ ᠮᠡᠳᠡᠬᠦ ᠪᠠᠶᠢᠳᠠᠯ ᠤᠨ ᠳᠣᠣᠷ᠎ᠠ ᠂ ᠲᠤᠰᠬᠠᠶ ᠠᠰᠢᠭ ᠤᠨ ᠬᠠᠮᠢᠶᠠᠷᠤᠯᠲᠠ ᠶᠢᠨ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠂ ᠤᠷᠢᠳᠠᠪᠠᠷ ᠲᠡᠮᠳᠡᠭᠯᠡᠭᠡᠳ ᠬᠠᠳᠠᠭᠠᠯᠠᠵᠤ ᠪᠣᠯᠤᠨ᠎ᠠ ᠂ ᠭᠡᠪᠡᠴᠦ ᠪᠠᠶᠢᠪᠠᠯ ᠂ ᠲᠤᠯᠤᠭᠠᠨ ᠡᠳᠦᠷ ᠦᠨ ᠳᠣᠲᠣᠷ᠎ᠠ ᠰᠢᠶᠳᠪᠦᠷᠢᠯᠡᠬᠦ ᠲᠣᠭᠲᠠᠭᠠᠯ ᠭᠠᠷᠭᠠᠬᠤ ᠬᠡᠷᠡᠭᠲᠡᠶ ᠃
    ᠲᠤᠰᠬᠠᠶ ᠠᠰᠢᠭ ᠤᠨ ᠬᠠᠮᠢᠶᠠᠷᠤᠯᠲᠠ ᠶᠢᠨ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠡᠮᠦᠨᠡᠬᠢ ᠪᠠᠳᠠᠭ ᠲᠤ ᠵᠢᠭᠰᠠᠭᠠᠭᠰᠠᠨ ᠡᠷᠬᠡ ᠲᠤᠰᠢᠶᠠᠯ ᠢ ᠬᠡᠷᠡᠭᠵᠢᠭᠦᠯᠬᠦ ᠦᠶ᠎ᠡ ᠳᠦ ᠂ ᠬᠣᠯᠪᠣᠭᠳᠠᠯ ᠪᠦᠬᠦᠢ ᠲᠤᠬᠠᠶ ᠶᠢᠨ ᠬᠥᠮᠦᠨ ᠨᠢ ᠬᠠᠮᠵᠢᠯᠴᠠᠨ ᠬᠠᠪᠰᠤᠷᠬᠤ ᠬᠡᠷᠡᠭᠲᠡᠶ ᠂ ᠲᠡᠪᠴᠢᠵᠦ ᠂ ᠬᠠᠷᠰᠢᠯᠠᠵᠤ ᠪᠣᠯᠬᠤ ᠦᠭᠡᠢ ᠪᠠᠶᠢᠴᠠᠭᠠᠬᠤ ᠠᠵᠢᠯᠯᠠᠭ᠎ᠠ ᠃
    ᠲᠤᠰᠬᠠᠶ ᠠᠰᠢᠭ ᠤᠨ ᠬᠠᠮᠢᠶᠠᠷᠤᠯᠲᠠ ᠶᠢᠨ ᠪᠠᠶᠢᠭᠤᠯᠭ᠎ᠠ ᠵᠢᠴᠢ ᠬᠠᠤᠯᠢ ᠬᠡᠷᠡᠭᠵᠢᠭᠦᠯᠦᠭᠴᠢ ᠨᠢ ᠬᠣᠯᠪᠣᠭᠳᠠᠭᠰᠠᠨ ᠬᠤᠳᠠᠯᠳᠤᠭᠠᠨ ᠤ ᠨᠢᠭᠤᠴᠠ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ ᠃
ᠳᠣᠯᠣᠳᠤᠭᠠᠷ ᠵᠦᠢᠯ ᠲᠤᠰ ᠠᠷᠭ᠎ᠠ ᠳᠤ ᠬᠣᠶᠠᠳᠤᠭᠠᠷ ᠵᠦᠢᠯ ᠳᠦ ᠵᠢᠭᠰᠠᠭᠠᠭᠰᠠᠨ ᠤᠢᠢᠯᠠ ᠠᠵᠢᠯᠯᠠᠭ᠎ᠠ ᠶᠢᠨ ᠨᠢᠭᠡ ᠨᠢ ᠪᠠᠶᠢᠪᠠᠯ ᠂ ᠲᠤᠰᠬᠠᠶ ᠠᠰᠢᠭ ᠢ ᠬᠠᠮᠢᠶᠠᠷᠬᠤ ᠪᠠᠶᠢᠭᠤᠯᠤᠯᠭ᠎ᠠ ᠠᠴᠠ ᠵᠠᠷᠯᠢᠭᠳᠠᠵᠤ ᠪᠠᠶᠢᠭᠠᠳ ᠬᠠᠭᠤᠷᠮᠠᠭᠯᠠᠬᠤ ᠠᠵᠢᠯᠯᠠᠭ᠎ᠠ ᠶᠢ ᠨᠢ ᠵᠣᠭᠰᠣᠭᠠᠵᠤ ᠂ ᠢᠯᠠ ᠪᠡᠷ ᠵᠠᠯᠠᠷᠠᠭᠤᠯᠬᠤ ᠶᠢᠨ ᠬᠠᠮᠲᠤ ᠦᠢᠯᠡ ᠪᠠᠶᠢᠳᠠᠯ ᠢ ᠨᠢ ᠦᠨᠳᠦᠰᠦᠯᠡᠨ 1000 ᠲᠥᠭᠥᠷᠢᠭ ᠡᠴᠡ 50000 ᠲᠥᠭᠥᠷᠢᠭ ᠲᠦ ᠬᠦᠷᠬᠦ ᠪᠣᠯᠤᠨ᠎ᠠ ᠪᠤᠶᠤ ᠬᠠᠤᠯᠢ ᠪᠤᠰᠤ ᠪᠠᠷ ᠣᠯᠤᠭᠰᠠᠨ ᠲᠣᠭ᠎ᠠ ᠨᠢ 1 ᠡᠴᠡ 3 ᠲᠠᠬᠢᠨ ᠟ᠤ ᠵᠣᠭᠣᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ ᠃
      ᠲᠤᠰᠬᠠᠶ ᠠᠰᠢᠭ ᠢ ᠬᠠᠮᠢᠶᠠᠷᠬᠤ ᠪᠠᠶᠢᠭᠤᠯᠤᠯᠭ᠎ᠠ ᠨᠢ ᠬᠤᠷᠢᠶᠠᠨ ᠠᠪᠬᠤ ᠶᠢᠨ ᠬᠠᠮᠲᠤ ᠤᠰᠠᠳᠬᠠᠬᠤ ᠪᠣᠯᠭᠠᠨ ᠬᠠᠭᠤᠷᠮᠠᠭᠯᠠᠨ ᠣᠷᠣᠯᠠᠭᠤᠯᠤᠭᠰᠠᠨ ᠲᠡᠮᠳᠡᠭ ᠃ ᠣᠪᠯᠠᠨ ᠂ ᠲᠤᠰᠬᠠᠶ ᠠᠰᠢᠭ ᠤᠨ ᠲᠡᠮᠳᠡᠭ ᠪᠠ ᠦᠢᠯᠡᠳᠬᠦᠨ ᠦ ᠰᠠᠯᠵᠤ ᠴᠢᠳᠠᠬᠤ ᠦᠭᠡᠢ ᠂ ᠤᠢᠢᠯᠡᠳᠬᠡᠬᠦᠨ ᠢ ᠪᠠᠰᠠ ᠪᠤᠰᠤᠳ ᠠᠷᠭ᠎ᠠ ᠬᠡᠮᠵᠢᠶ᠎ᠡ ᠠᠪᠴᠤ ᠪᠠᠶᠢᠭᠠᠳ ᠰᠢᠶᠳᠪᠦᠷᠢᠯᠡᠬᠦ ᠬᠡᠷᠡᠭᠲᠡᠶ ᠃
    ᠨᠠᠶᠮᠠᠳᠤᠭᠠᠷ ᠵᠦᠢᠯ   ᠲᠤᠰᠬᠠᠶ ᠠᠰᠢᠭ ᠤᠨ ᠲᠡᠮᠳᠡᠭ ᠳᠠᠭᠠᠯᠳᠤᠭᠤᠯᠬᠤ ᠳᠠᠮᠵᠢᠭᠤᠯᠤᠨ ᠪᠣᠷᠣᠯᠠᠭᠤᠯᠬᠤ ᠂ ᠬᠣᠯᠪᠣᠬᠤ ᠪᠠᠢᠭᠰᠠᠨ ᠨᠢᠭᠡᠴᠡ ᠪᠤᠶᠤ ᠬᠤᠪᠢ ᠬᠥᠮᠦᠨ ᠲᠤᠰ ᠠᠷᠭ᠎ᠠ ᠶᠢᠨ ᠲᠠᠪᠤᠳᠤᠭᠠᠷ ᠵᠦᠢᠯ ᠳᠦ ᠲᠣᠭᠲᠠᠭᠠᠭᠰᠠᠨ ᠪᠠᠶᠢᠪᠠᠯ ᠂ ᠲᠤᠰᠬᠠᠶ ᠠᠰᠢᠭ ᠢ ᠬᠠᠮᠢᠶᠠᠷᠬᠤ ᠪᠠᠶᠢᠭᠤᠯᠤᠯᠭ᠎ᠠ ᠠᠴᠠ ᠵᠠᠷᠯᠢᠭᠳᠠᠵᠤ ᠪᠠᠶᠢᠭᠠᠳ ᠲᠡᠭᠦᠨ ᠦ ᠡᠭᠦᠷᠭᠡ ᠪᠡᠨ ᠭᠦᠢᠴᠡᠳᠬᠡᠬᠦ ᠬᠡᠷᠡᠭᠲᠡᠶ ᠃ ᠲᠤᠬᠠᠶ ᠶᠢᠨ ᠬᠥᠮᠦᠨ ᠨᠢ ᠡᠭᠦᠷᠭᠡ ᠪᠡᠨ ᠭᠦᠢᠴᠡᠳᠬᠡᠬᠦ ᠤᠢᠭᠡᠢ ᠪᠠᠶᠢᠪᠠᠯ ᠂ ᠰᠡᠷᠡᠮᠵᠢ ᠥᠭᠬᠦ . ᠳᠠᠮᠵᠢᠭᠤᠯᠤᠨ ᠪᠣᠷᠣᠯᠠᠭᠤᠯᠬᠤ ᠪᠣᠯᠭᠠᠨ ᠬᠠᠭᠤᠷᠮᠠᠭᠯᠠᠨ ᠣᠷᠣᠯᠠᠭᠤᠯᠤᠭᠰᠠᠨ ᠦᠢᠯᠡᠳᠬᠦᠨ ᠪᠣᠯᠬᠤ ᠶᠢ ᠲᠣᠳᠣᠷᠬᠠᠶ ᠮᠡᠳᠡᠵᠦ ᠪᠠᠶᠢᠭᠠᠳ ᠂ 3000 ᠲᠥᠭᠥᠷᠢᠭ ᠡᠴᠡ ᠳᠣᠭᠣᠭᠰᠢ ᠵᠣᠭᠣᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ ᠃
    ᠶᠢᠰᠦᠳᠦᠭᠡᠷ ᠵᠦᠢᠯ    ᠦᠢᠯᠡᠳᠬᠦᠨ ᠪᠤᠶᠤ ᠠᠷᠭ᠎ᠠ ᠪᠣᠯᠭᠠᠨ ᠬᠠᠭᠤᠷᠮᠠᠭᠯᠠᠭᠰᠠᠨ ᠪᠣᠯᠬᠤ ᠶᠢ ᠲᠣᠳᠣᠷᠬᠠᠶ ᠮᠡᠳᠡᠵᠦ ᠪᠠᠶᠢᠭᠠᠳ ᠪᠠᠶᠢᠲᠠᠯ᠎ᠠ ᠤᠤᠯ ᠦᠢᠯᠡᠳᠬᠦᠨ ᠢ ᠦᠢᠯᠡᠳᠦᠭᠰᠡᠨ ᠪᠤᠶᠤ ᠵᠡᠷ ᠨᠡᠶᠢᠲᠡᠯᠡᠵᠦ ᠂ ᠪᠠᠶᠢᠪᠠᠯ ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠡᠴᠡ 《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠤᠨ ᠬᠠᠤᠯᠢ 》  ᠶᠢᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠳᠬᠡᠨ᠎ᠡ ᠃
    ᠠᠷᠪᠠᠳᠤᠭᠠᠷ ᠵᠦᠢᠯ   ᠲᠤᠬᠠᠶ ᠶᠢᠨ ᠬᠥᠮᠦᠨ ᠨᠢ ᠲᠤᠰᠬᠠᠶ ᠠᠰᠢᠭ ᠢ ᠬᠠᠮᠢᠶᠠᠷᠬᠤ ᠪᠠᠶᠢᠭᠤᠯᠤᠯᠭ᠎ᠠ ᠠᠴᠠ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ ᠢ ᠵᠥᠪᠰᠢᠶᠡᠷᠡᠬᠦ ᠦᠭᠡᠢ ᠪᠣᠯ ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠡᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ ᠃ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠲᠡᠬᠢᠠ ᠵᠥᠪᠯᠡᠭᠦᠯᠬᠦ ᠪᠡᠷ ᠭᠤᠶᠤᠴᠢᠯᠠᠭᠰᠠᠨ ᠤᠢᠭᠡᠢ ᠂ ᠦᠯᠦ ᠵᠠᠭᠠᠯᠳᠤᠬᠤ , ᠪᠠᠰᠠ ᠰᠢᠳᠬᠡᠬᠦ ᠲᠣᠭᠲᠠᠭᠠᠯ ᠢ ᠭᠦᠢᠴᠡᠳᠬᠡᠬᠦ ᠦᠭᠡᠢ ᠪᠠᠶᠢᠪᠠᠯ ᠂ ᠂ ᠰᠢᠳᠬᠡᠬᠦ ᠲᠣᠭᠲᠠᠭᠠᠯ ᠭᠠᠷᠭᠠᠭᠰᠠᠨ ᠲᠤᠰᠬᠠᠶ ᠠᠰᠢᠭ ᠢ ᠬᠠᠮᠢᠶᠠᠷᠬᠤ ᠪᠠᠶᠢᠭᠤᠯᠤᠯᠭ᠎ᠠ ᠠᠴᠠ ᠠᠯᠪᠡᠳᠡᠠ ᠭᠦᠢᠴᠡᠳᠬᠡᠭᠦᠯᠬᠦ ᠪᠡᠷ ᠠᠷᠠᠳ ᠤᠨ ᠰᠢᠭᠦᠬᠦ ᠬᠣᠷᠢᠶᠠᠨ ᠳᠤ ᠬᠠᠤᠯᠢ ᠶᠣᠰᠣᠭᠠᠷ ᠭᠤᠶᠤᠴᠢᠯᠠᠵᠤ ᠪᠣᠯᠤᠨ᠎ᠠ ᠃
     ᠠᠷᠪᠠᠨ ᠨᠢᠭᠡᠳᠦᠭᠡᠷ ᠵᠦᠢᠯ   ᠲᠡᠪᠴᠢᠬᠦ ᠂ ᠲᠤᠰᠬᠠᠶ ᠠᠰᠢᠭ ᠤᠨ ᠬᠠᠮᠢᠶᠠᠷᠤᠯᠲᠠ ᠶᠢᠨ ᠪᠠᠶᠢᠭᠤᠯᠭ᠎ᠠ ᠶᠢᠨ ᠠᠵᠢᠯᠲᠠᠨ ᠬᠠᠤᠯᠢ ᠶᠣᠰᠣᠭᠠᠷ ᠠᠯᠪᠠᠨ ᠬᠡᠷᠡᠭ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ 《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠶᠳᠬᠡᠬᠦ ᠳᠦᠷᠢᠮ 》  ᠦᠨ ᠲᠣᠭᠲᠠᠭᠠᠯ ᠶᠣᠰᠣᠭᠠᠷ ᠰᠢᠳᠬᠡᠨ᠎ᠡ ; ᠦᠢᠯᠡ ᠪᠠᠶᠢᠳᠠᠯ ᠨᠢ ᠬᠦᠨᠳᠦ ᠨᠣᠴᠢᠲᠠᠶ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃
     ᠠᠷᠪᠠᠨ ᠬᠣᠶᠠᠳᠤᠭᠠᠷ ᠵᠦᠢᠯ   ᠲᠤᠰᠬᠠᠶ ᠠᠰᠢᠭ ᠤᠨ ᠬᠠᠮᠢᠶᠠᠷᠤᠯᠲᠠ ᠶᠢᠨ ᠪᠠᠶᠢᠭᠤᠯᠭ᠎ᠠ ᠶᠢᠨ ᠠᠵᠢᠯᠲᠠᠨ ᠪᠣᠯᠭᠠᠨ ᠬᠠᠭᠤᠷᠮᠠᠭᠯᠠᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ ᠂ ᠬᠤᠪᠢ ᠶᠢᠨ ᠨᠠᠶᠢᠷ ᠢᠶᠠᠷ ᠬᠠᠤᠯᠢ ᠵᠥᠷᠢᠴᠡᠬᠦ , ᠬᠡᠭᠡᠯᠢ ᠬᠠᠬᠤᠤᠯᠢ ᠢᠳᠡᠵᠦ ᠂ ᠵᠠᠰᠠᠭ ᠵᠠᠬᠢᠷᠭᠠᠨ ᠤ ᠰᠢᠳᠬᠡᠯ ᠥᠭᠭᠦᠨ᠎ᠡ ; ᠦᠢᠯᠡ ᠪᠠᠶᠢᠳᠠᠯ ᠨᠢ ᠬᠦᠨᠳᠦ ᠨᠣᠴᠢᠲᠠᠶ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃
     ᠠᠷᠪᠠᠨ ᠭᠤᠷᠪᠠᠳᠤᠭᠠᠷ ᠵᠦᠢᠯ ᠲᠤᠰ ᠠᠷᠭ᠎ᠠ ᠟ᠢᠶ ᠪᠣᠳᠠᠲᠠᠶ ᠪᠠᠷ ᠬᠡᠷᠡᠭᠯᠡᠬᠦ ᠟ᠳᠡᠬᠢ ᠠᠰᠠᠭᠤᠳᠠᠯ ᠟ᠢ ᠥᠪᠡᠷᠲᠡᠭᠡᠨ ᠵᠠᠰᠠᠬᠤ ᠣᠷᠣᠨ ᠟ᠤ ᠲᠤᠰᠬᠠᠶ ᠠᠰᠢᠭ ᠢ ᠬᠠᠮᠢᠶᠠᠷᠬᠤ ᠪᠠᠶᠢᠭᠤᠯᠤᠯᠭ᠎ᠠ ᠬᠠᠷᠢᠭᠤᠴᠠᠨ ᠲᠠᠶᠢᠯᠪᠤᠷᠢᠯᠠᠨ᠎ᠠ ᠃
     ᠠᠷᠪᠠᠨ ᠳᠥᠷᠪᠡᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠡᠴᠡ ᠡᠬᠢᠯᠡᠵᠦ ᠬᠡᠷᠡᠭᠵᠢᠭᠦᠯᠦᠨ᠎ᠡ

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ