ᠲᠦᠷᠥ ᠶᠢᠨ ᠪᠣᠳᠤᠯᠭ᠎ᠠ ᠳᠦᠷᠢᠮ ᠲᠣᠭᠲᠠᠭᠠᠯ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠬᠠᠮᠢᠶᠠᠷᠤᠯᠲᠠ ᠶᠢᠨ ᠠᠷᠭ᠎ᠠ
2017.07.19 ᠲᠣᠰ ᠥᠷᠲᠡᠭᠡᠨ ᠦ ᠨᠠᠢᠷᠠᠭᠤᠯᠤᠭᠴᠢ

    ᠨᠢᠭᠡᠳᠦᠭᠡᠷ ᠪᠦᠯᠦᠭ ᠶᠡᠷᠦᠩᠬᠡᠶ ᠳᠦᠷᠢᠮ
    ᠨᠢᠭᠡᠳᠦᠭᠡᠷ ᠵᠦᠢᠯ   ᠲᠤᠰᠬᠠᠶ ᠠᠰᠢᠭ ᠢ ᠬᠠᠮᠢᠶᠠᠷᠬᠤ ᠪᠠ ᠬᠠᠮᠠᠭᠠᠯᠠᠬᠤ ᠶᠢ ᠴᠢᠩᠭᠠᠳᠬᠠᠬᠤ ᠶᠢᠨ ᠲᠥᠯᠥᠭᠡ ᠂ ᠪᠠᠲᠤᠯᠠᠭ᠎ᠠ ᠶᠢᠨ ᠲᠤᠰᠬᠠᠶ ᠠᠰᠢᠭ ᠤᠨ ᠡᠷᠬᠡᠲᠦ ᠬᠥᠮᠦᠨ ᠬᠢᠭᠡᠳ ᠬᠣᠯᠪᠣᠭᠳᠠᠯ ᠪᠦᠬᠦᠢ ᠪᠠᠶᠢᠭᠠᠯᠢ ᠬᠥᠮᠦᠨ ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠡᠭᠦᠳᠦᠨ ᠪᠦᠲᠦᠭᠡᠯᠲᠡ ᠶᠢ ᠵᠣᠷᠢᠭᠵᠢᠭᠤᠯᠤᠨ᠎ᠠ , ᠰᠢᠨᠵᠢᠯᠡᠬᠦ ᠤᠬᠠᠭᠠᠨ ᠮᠡᠷᠭᠡᠵᠢᠯ ᠦᠨ ᠲᠡᠪᠰᠢᠯᠳᠠ ᠪᠠ ᠰᠢᠨ᠎ᠡ ᠶᠢ ᠡᠭᠦᠳᠬᠦ ᠶᠠᠪᠤᠳᠠᠯ ᠢ ᠠᠬᠢᠭᠤᠯᠵᠤ ᠂ ᠲᠤᠰᠬᠠᠶ ᠠᠰᠢᠭ ᠤᠨ ᠮᠡᠷᠭᠡᠵᠢᠯ ᠦᠨ ᠠᠵᠤ ᠦᠢᠯᠡᠰᠵᠢᠯᠲᠡ ᠶᠢᠨ ᠠᠬᠢᠭᠤᠯᠬᠤ ᠂ ᠵᠠᠬ᠎ᠠ ᠳᠡᠯᠭᠡᠭᠦᠷ ᠦᠨ ᠠᠵᠤ ᠠᠬᠤᠶ ᠶᠢᠨ ᠡᠮᠬᠢ ᠵᠢᠷᠤᠮ ᠢ ᠬᠠᠮᠠᠭᠠᠯᠠᠬᠤ ᠟ᠢᠢᠨ ᠲᠤᠰᠠᠳᠠ ᠂ 《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠠᠶ ᠠᠰᠢᠭ ᠤᠨ ᠬᠠᠤᠯᠢ 》 ᠪᠣᠯᠤᠨ ᠬᠣᠯᠪᠣᠭᠳᠠᠯ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠂ ᠥᠪᠡᠷᠲᠡᠭᠡᠨ ᠵᠠᠰᠠᠭ ᠣᠷᠣᠨ ᠟ᠤ ᠪᠣᠳᠠᠲᠠᠶ ᠲᠠᠶ ᠤᠶᠠᠯᠳᠤᠭᠤᠯᠤᠨ ᠂ ᠲᠤᠰ ᠠᠷᠭ᠎ᠠ ᠟ᠢᠶ ᠲᠣᠭᠲᠠᠭᠠᠪᠠ ᠃
    ᠬᠣᠶᠠᠳᠤᠭᠠᠷ ᠵᠦᠢᠯ      ᠲᠤᠰ ᠠᠷᠭ᠎ᠠ ᠶᠢ ᠬᠡᠷᠡᠭᠯᠡᠨ᠎ᠡ ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠤᠰᠬᠠᠶ ᠠᠰᠢᠭ ᠤᠨ ᠬᠠᠮᠢᠶᠠᠷᠤᠯᠲᠠ ᠶᠢᠨ ᠪᠠ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ ᠃
    ᠭᠤᠷᠪᠠᠳᠤᠭᠠᠷ ᠵᠦᠢᠯ     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ᠂ ᠪᠦᠬᠦ ᠣᠷᠣᠨ ᠤ ᠲᠤᠰᠬᠠᠶ ᠠᠰᠢᠭ ᠢ ᠬᠠᠮᠢᠶᠠᠷᠬᠤ ᠪᠠ ᠬᠠᠮᠠᠭᠠᠯᠠᠬᠤ ᠠᠵᠢᠯ ᠢ ᠬᠠᠷᠢᠭᠤᠴᠠᠨ᠎ᠠ ᠃
   ᠲᠣᠭᠣᠷᠢᠭ ᠪᠠᠶᠢᠭᠤᠯᠤᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠠᠶᠢᠮᠠᠭ ᠟ᠣᠨ ᠵᠠᠬᠢᠷᠭ᠎ᠠ ᠂ ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ( ᠳᠣᠷᠣᠭᠰᠢ ᠠᠶᠢᠮᠠᠭ ᠬᠤᠳᠠ ᠂ ᠲᠤᠰᠬᠠᠶ ᠠᠰᠢᠭ ᠢ ᠬᠠᠮᠢᠶᠠᠷᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ ) ᠂ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠤᠰᠬᠠᠶ ᠠᠰᠢᠭ ᠤᠨ ᠬᠠᠮᠢᠶᠠᠷᠤᠯᠲᠠ ᠶᠢᠨ ᠪᠠ ᠬᠠᠮᠠᠭᠠᠯᠠᠬᠤ ᠠᠵᠢᠯ ᠢ ᠬᠠᠷᠢᠭᠤᠴᠠᠨ᠎ᠠ ᠃
    ᠬᠣᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠤᠰᠬᠠᠶ ᠠᠰᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃
     ᠰᠢᠨᠵᠢᠯᠡᠭᠡ ᠲᠧᠭᠨᠢᠭ , ᠬᠤᠳᠠᠯᠳᠤᠭᠠᠨ ᠤ ᠶᠠᠪᠤᠳᠠᠯ , ᠳᠣᠲᠣᠭᠠᠳᠤ ᠶᠢ ᠬᠠᠮᠠᠭᠠᠯᠠᠬᠤ , ᠪᠣᠭᠣᠮᠲᠠ , ᠰᠣᠨᠢᠨ ᠮᠡᠳᠡᠭᠡ ᠬᠡᠪᠯᠡᠯ ᠪᠠ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠵᠡᠷᠭᠡ ᠰᠠᠯᠠᠭ᠎ᠠ ᠮᠥᠴᠢᠷ ᠲᠦ ᠂ ᠥᠪᠡᠷ ᠥᠪᠡᠷ ᠦᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠲᠤᠰᠬᠠᠶ ᠠᠰᠢᠭ ᠤᠨ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠃
     ᠠᠵᠢᠯ ᠲᠥᠷᠥᠯ ᠦᠨ ᠨᠡᠶᠢᠭᠡᠮᠯᠢᠭ ᠨᠢ ᠲᠤᠰ ᠠᠵᠢᠯ ᠲᠥᠷᠥᠯ ᠟ᠣᠨ ᠢᠶᠠᠨ ᠰᠠᠶᠢᠲᠤᠷ ᠬᠢᠬᠦ ᠬᠡᠷᠡᠭᠲᠡᠶ ᠬᠦᠷᠢᠶᠡᠨ ᠳᠡᠬᠢ ᠲᠤᠰᠬᠠᠶ ᠠᠰᠢᠭ ᠤᠨ ᠪᠠᠶᠢᠯᠳᠤᠬᠤ ᠪᠣᠳᠣᠯᠭ᠎ᠠ  ᠶᠢᠨ ᠰᠤᠳᠤᠯᠬᠤ ᠂ ᠲᠤᠰᠬᠠᠶ ᠠᠰᠢᠭ ᠤᠨ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠃
    ᠵᠣᠷᠢᠭᠵᠢᠭᠤᠯᠤᠨ ᠂ ᠠᠵᠤ ᠠᠬᠤᠶᠢᠯᠠᠯ ᠂ ᠠᠵᠢᠯ ᠦᠢᠯᠡᠰ ᠦᠨ ᠨᠢᠭᠡᠴᠢ ᠪᠣᠯᠤᠨ ᠪᠤᠰᠤᠳ ᠬᠣᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠶᠢᠨ ᠲᠤᠰᠬᠠᠶ ᠠᠰᠢᠭ ᠤᠨ ᠠᠵᠢᠯ ᠤᠨ ᠳᠦᠷᠢᠮ ᠢ ᠪᠠᠶᠢᠭᠤᠯᠤᠨ ᠂ ᠲᠤᠰᠬᠠᠶ ᠠᠰᠢᠭ ᠤᠨ ᠡᠷᠬᠡ ᠶᠢᠨ ᠲᠦᠷᠢᠮ ᠢ ᠬᠡᠷᠡᠭᠯᠡᠨ ᠰᠢᠨᠵᠢᠯᠡᠬᠦ ᠤᠬᠠᠭᠠᠨ ᠮᠡᠷᠭᠡᠵᠢᠯ ᠦᠨ ᠰᠢᠨ᠎ᠡ ᠶᠢ ᠡᠭᠦᠳᠬᠦ ᠪᠠ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ ᠃
    ᠬᠣᠶᠠᠳᠤᠭᠠᠷ ᠪᠦᠯᠦᠭ   ᠲᠤᠰᠬᠠᠶ ᠠᠰᠢᠭ ᠤᠨ ᠬᠠᠮᠢᠶᠠᠷᠤᠯᠲᠠ ᠶᠢᠨ
    ᠳᠥᠷᠪᠡᠳᠦᠭᠡᠷ ᠵᠦᠢᠯ     ᠬᠣᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ᠵᠢᠴᠢ ᠪᠤᠰᠤᠳ ᠬᠣᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠡᠴᠡ ᠵᠢᠯᠣᠭᠣᠳᠴᠤ ᠪᠠᠶᠢᠭᠠᠳ ᠠᠵᠤ ᠠᠬᠤᠶᠢᠯᠠᠯ ᠂ ᠠᠵᠢᠯ ᠦᠢᠯᠡᠰ ᠦᠨ ᠨᠢᠭᠡᠴᠡ ᠶᠢᠨ ᠲᠤᠰᠬᠠᠶ ᠠᠰᠢᠭ ᠤᠨ ᠬᠠᠮᠠᠭᠠᠯᠠᠯᠲᠠ ᠶᠢᠨ ᠠᠵᠢᠯ ᠢ ᠥᠷᠨᠢᠭᠦᠯᠵᠦ ᠂ ᠠᠵᠤ ᠠᠬᠤᠶᠢᠯᠠᠯ ᠂ ᠠᠵᠢᠯ ᠦᠢᠯᠡᠰ ᠦᠨ ᠨᠢᠭᠡᠴᠡ ᠲᠤᠰᠬᠠᠶ ᠠᠰᠢᠭ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ ᠃
    ᠲᠠᠪᠤᠳᠤᠭᠠᠷ ᠵᠦᠢᠯ   ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠂ ᠲᠤᠰᠬᠠᠶ ᠠᠰᠢᠭ ᠡᠷᠢᠬᠦ ᠂ ᠲᠤᠰᠬᠠᠶ ᠠᠰᠢᠭ ᠢ ᠦᠨᠡᠯᠡᠨ ᠵᠢᠱᠢᠬᠦ ᠂ ᠲᠤᠰᠬᠠᠶ ᠠᠰᠢᠭ ᠢ ᠵᠥᠪᠰᠢᠶᠡᠷᠡᠯ ᠢᠶᠡᠷ ᠬᠡᠷᠡᠭᠯᠡᠬᠦ ᠠᠷᠠᠯᠵᠢᠶ᠎ᠠ ᠵᠡᠷᠭᠡ ᠲᠤᠰᠬᠠᠶ ᠠᠰᠢᠭ ᠤᠨ ᠦᠢᠯᠡᠴᠢᠯᠡᠭᠡ ᠬᠠᠩᠭᠠᠬᠤ ᠵᠠᠭᠤᠴᠢ ᠪᠠᠶᠢᠭᠤᠯᠤᠮᠵᠢ ᠨᠢ ᠵᠣᠬᠢᠴᠠᠩᠭᠤᠶ ᠬᠢᠷᠢ ᠴᠢᠳᠠᠯ ᠢ ᠪᠦᠷᠢᠯᠳᠦᠭᠦᠯᠦᠭᠰᠡᠨ ᠬᠠᠤᠯᠢ ᠶᠣᠰᠣᠭᠠᠷ ᠳᠠᠩᠰᠠᠯᠠᠭᠤᠯᠵᠤ ᠂ ᠳᠠᠩᠰᠠᠯᠠᠭᠤᠯᠬᠤ ᠭᠠᠷ ᠭᠦᠢᠴᠡᠳᠬᠡᠯ ᠬᠢᠭᠰᠡᠨ ᠦ ᠳᠠᠷᠠᠭ᠎ᠠ ᠰᠠᠶ᠋ᠢ ᠲᠤᠰᠬᠠᠶ ᠠᠰᠢᠭ ᠤᠨ ᠵᠠᠭᠤᠴᠢ ᠦᠢᠯᠡᠴᠢᠯᠡᠭᠡ ᠬᠢᠵᠦ ᠪᠣᠯᠤᠨ᠎ᠠ ᠃ ᠠᠶᠢᠮᠠᠭ ᠬᠤᠳᠠ ᠟ᠢᠢᠨ ᠲᠤᠰᠬᠠᠶ ᠠᠰᠢᠭ ᠢ ᠬᠠᠮᠢᠶᠠᠷᠬᠤ ᠰᠠᠯᠠᠭ᠎ᠠ ᠮᠥᠴᠢᠷ ᠦᠳ ᠬᠢᠵᠦ ᠪᠠᠶᠢᠭ᠎ᠠ ᠲᠤᠰᠬᠠᠶ ᠠᠰᠢᠭ ᠤᠨ ᠦᠢᠯᠡᠴᠢᠯᠡᠭᠡ ᠬᠠᠩᠭᠠᠬᠤ ᠵᠠᠭᠤᠴᠢ ᠪᠠᠶᠢᠭᠤᠯᠤᠮᠵᠢ ᠶᠢᠨ ᠵᠢᠯᠤᠭᠤᠳᠤᠯᠭ᠎ᠠ ᠪᠠ ᠬᠢᠨᠠᠯᠲᠠ ᠲᠠᠯᠪᠢᠬᠤ ᠬᠡᠷᠡᠭᠲᠡᠶ ᠃
ᠬᠢᠵᠦ ᠪᠠᠶᠢᠭ᠎ᠠ ᠲᠤᠰᠬᠠᠶ ᠠᠰᠢᠭ ᠤᠨ ᠦᠢᠯᠡᠴᠢᠯᠡᠭᠡ ᠬᠠᠩᠭᠠᠬᠤ ᠵᠠᠭᠤᠴᠢ ᠪᠠᠶᠢᠭᠤᠯᠤᠮᠵᠢ ᠵᠢᠴᠢ ᠲᠡᠭᠦᠨ ᠦ ᠠᠵᠢᠯᠲᠠᠳ ᠬᠠᠤᠯᠢ ᠴᠠᠭᠠᠵᠠ ᠶᠢ ᠵᠢᠷᠤᠮᠯᠠᠨ ᠰᠠᠬᠢᠵᠤ ᠂ ᠬᠠᠤᠯᠢ ᠲᠣᠭᠲᠠᠭᠠᠯ ᠳᠤ ᠲᠣᠭᠲᠠᠭᠠᠭᠰᠠᠨ ᠲᠤᠰᠠᠭᠠᠷ , ᠪᠤᠰᠤᠳᠴᠢ , ᠲᠥᠪ ᠭᠣᠣᠯᠴᠢ ᠪᠠᠷ ᠥᠷᠨᠢᠭᠦᠯᠵᠦ ᠂ ᠵᠠᠭᠤᠴᠢ ᠦᠢᠯᠡᠴᠢᠯᠡᠭᠡ ᠨᠢ ᠂ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠵᠤ ᠪᠣᠯᠬᠤ ᠦᠭᠡᠢ ᠂ ᠪᠣᠯᠬᠤ ᠦᠭᠡᠢ ᠂ ᠲᠤᠬᠠᠶ ᠶᠢᠨ ᠬᠥᠮᠦᠨ ᠲᠡᠶ ᠬᠤᠤᠪᠢᠯᠳᠤᠵᠤ ᠪᠠᠶᠢᠭᠠᠳ ᠵᠦᠢ ᠪᠤᠰᠤ ᠠᠰᠢᠭ ᠲᠤᠰᠠ ᠤᠯᠬᠤ ᠂ ᠲᠤᠰᠬᠠᠶ ᠠᠰᠢᠭ ᠤᠨ ᠡᠷᠬᠡᠲᠦ ᠬᠥᠮᠦᠨ ᠬᠣᠬᠢᠷᠠᠭᠤᠯᠵᠤ ᠪᠣᠯᠬᠤ ᠦᠭᠡᠢ ᠂ ᠪᠤᠰᠤᠳ ᠲᠤᠬᠠᠶ ᠶᠢᠨ ᠬᠥᠮᠦᠨ ᠦ ᠬᠠᠤᠯᠢ ᠶᠣᠰᠣᠨ ᠤ ᠡᠷᠬᠡ ᠠᠰᠢᠭ ᠪᠤᠶᠤ ᠨᠡᠶᠢᠭᠡᠮ ᠨᠡᠶᠢᠲᠡ ᠶᠢᠨ ᠠᠰᠢᠭ ᠲᠤᠰᠠ ᠳᠤ ᠳᠠᠭᠠᠭᠤᠯᠬᠤ ᠬᠡᠷᠡᠭᠲᠡᠶ ᠃
     ᠵᠢᠷᠭᠤᠳᠤᠭᠠᠷ ᠵᠦᠢᠯ   ᠵᠠᠰᠠᠭ ᠤᠨ ᠣᠷᠳᠣᠨ ᠪᠤᠶᠤ ᠤᠯᠤᠰ ᠤᠨ ᠥᠮᠴᠢᠯᠡᠯ ᠦᠨ ᠠᠵᠤ ᠠᠬᠤᠶᠢᠯᠠᠯ ᠤᠨ ᠬᠢᠭᠰᠡᠨ ᠰᠤᠳᠤᠯᠭᠠᠨ ᠤ ᠨᠡᠭᠡᠭᠡᠨ ᠬᠥᠭᠵᠢᠭᠦᠯᠬᠦ ᠲᠥᠷᠥᠯ ᠵᠦᠢᠯ ᠟ᠣᠨ ᠪᠡᠯᠡ ᠮᠥᠩᠭᠥ ᠣᠷᠣᠭᠤᠯᠵᠤ ᠂ ᠲᠡᠭᠦᠨ ᠦ ᠦᠷ᠎ᠡ ᠪᠦᠲᠦᠭᠡᠯ ᠢ ᠲᠣᠬᠢᠷᠠᠮᠵᠢᠲᠠᠶ ᠲᠤᠰᠬᠠᠶ ᠠᠰᠢᠭ ᠭᠤᠶᠤᠴᠢᠯᠠᠭᠰᠠᠨ ᠪᠠᠶᠢᠪᠠᠯ ᠂ ᠲᠤᠰᠬᠠᠶ ᠠᠰᠢᠭ ᠤᠨ ᠡᠷᠬᠡ ᠭᠤᠶᠤᠴᠢᠯᠠᠬᠤ ᠬᠡᠷᠡᠭᠲᠡᠶ ᠃
    ᠲᠤᠰᠬᠠᠶ ᠠᠰᠢᠭ ᠤᠨ ᠡᠷᠬᠡ ᠣᠯᠤᠭᠰᠠᠨ ᠨᠢᠭᠡᠴᠢ ᠨᠢ ᠬᠠᠤᠯᠢ ᠴᠠᠭᠠᠵᠠ ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠂ ᠡᠭᠦᠷᠭᠡ ᠲᠤᠰᠢᠶᠠᠯ ᠤᠨ ᠡᠭᠦᠳᠦᠯᠲᠡ ᠪᠦᠲᠦᠭᠡᠯᠲᠡ ᠶᠢᠨ ᠡᠭᠦᠳᠦᠭᠴᠢ ᠪᠤᠶᠤ ᠵᠢᠷᠤᠵᠤ ᠲᠥᠯᠥᠪᠯᠡᠭᠴᠢ ᠂ ᠬᠥᠬᠢᠭᠦᠯᠦᠨ ᠱᠠᠩᠨᠠᠬᠤ ᠬᠡᠷᠡᠭᠲᠡᠶ ; ᠥᠪᠡᠷ ᠢᠶᠡᠨ ᠲᠤᠰᠬᠠᠶ ᠠᠰᠢᠭ ᠢ ᠬᠡᠷᠡᠭᠵᠢᠭᠦᠯᠬᠦ ᠪᠤᠶᠤ ᠲᠤᠰᠬᠠᠶ ᠠᠰᠢᠭ ᠢ ᠪᠤᠰᠤᠳ ᠬᠥᠮᠦᠨ ᠳᠦ ᠵᠥᠪᠰᠢᠶᠡᠷᠡᠨ ᠬᠡᠷᠡᠭᠵᠢᠭᠦᠯᠦᠭᠦᠯᠬᠦ ᠂ ᠡᠷᠬᠡᠪᠰᠢ ᠬᠠᠤᠯᠢ ᠴᠠᠭᠠᠵᠠ ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠂ ᠡᠭᠦᠷᠭᠡ ᠲᠤᠰᠢᠶᠠᠯ ᠤᠨ ᠡᠭᠦᠳᠦᠯᠲᠡ ᠪᠦᠲᠦᠭᠡᠯᠲᠡ ᠶᠢᠨ ᠡᠭᠦᠳᠦᠭᠴᠢ ᠪᠤᠶᠤ ᠵᠢᠷᠤᠵᠤ ᠲᠥᠯᠥᠪᠯᠡᠭᠴᠢ ᠶᠢᠨ ᠬᠥᠯᠥᠰᠥ ᠣᠯᠭᠣᠮᠵᠢ ᠥᠭᠬᠦ ᠬᠡᠷᠡᠭᠲᠡᠶ ; ᠲᠤᠰᠬᠠᠶ ᠠᠰᠢᠭ ᠤᠨ ᠡᠷᠬᠡ ᠶᠢ ᠰᠢᠯᠵᠢᠭᠦᠯᠦᠨ ᠥᠭᠬᠦ ᠂ ᠲᠤᠰᠬᠠᠶ ᠠᠰᠢᠭ ᠢ ᠲᠣᠭᠲᠠᠭᠠᠭᠰᠠᠨ ᠪᠤᠰᠤᠳ ᠬᠥᠮᠦᠨ ᠳᠦ ᠵᠥᠪᠰᠢᠶᠡᠷᠡᠨ ᠬᠡᠷᠡᠭᠵᠢᠭᠦᠯᠦᠭᠦᠯᠬᠦ ᠯᠠᠪᠯᠠᠯᠲᠠ ᠪᠣᠯᠭᠠᠬᠤ ᠬᠡᠷᠡᠭᠲᠡᠶ ᠂ ᠡᠭᠦᠷᠭᠡ ᠲᠤᠰᠢᠶᠠᠯ ᠤᠨ ᠡᠭᠦᠳᠦᠯᠲᠡ ᠪᠦᠲᠦᠭᠡᠯᠲᠡ ᠶᠢᠨ ᠡᠭᠦᠳᠦᠭᠴᠢ ᠪᠤᠶᠤ ᠵᠢᠷᠤᠵᠤ ᠲᠥᠯᠥᠪᠯᠡᠭᠴᠢ ᠶᠢᠨ ᠬᠥᠯᠥᠰᠥ ᠣᠯᠭᠣᠮᠵᠢ ᠥᠭᠬᠦ ᠬᠡᠷᠡᠭᠲᠡᠶ ᠃
     ᠳᠣᠯᠣᠳᠤᠭᠠᠷ ᠵᠦᠢᠯ   ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠂ ᠬᠣᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠶ ᠠᠰᠢᠭ ᠤᠨ ᠡᠷᠢᠵᠦ ᠬᠠᠷᠭᠤᠭᠤᠯᠤᠭᠰᠠᠨ ᠮᠡᠳᠡᠭᠦᠯᠦᠯᠲᠡ ᠶᠢ ᠲᠤᠰᠢᠶᠠᠬᠤ ᠬᠡᠷᠡᠭᠲᠡᠶ ᠄
( ᠨᠢᠭᠡ ) ᠮᠡᠳᠡᠭᠦᠯᠬᠦ ᠴᠢᠬᠤᠯᠠ ᠶᠡᠬᠡ ᠰᠢᠨᠵᠢᠯᠡᠬᠦ ᠤᠬᠠᠭᠠᠨ ᠟ᠤ ᠰᠤᠳᠤᠯᠤᠯ ᠪᠠ ᠰᠢᠨ᠎ᠡ ᠲᠧᠭᠨᠢᠭ ᠮᠡᠷᠭᠡᠵᠢᠯ ᠂ ᠰᠢᠨ᠎ᠡ ᠦᠢᠯᠡᠳᠬᠦᠨ ᠰᠡᠳᠦᠪ ᠲᠣᠭᠲᠠᠭᠠᠬᠤ ;
( ᠬᠣᠶᠠᠷ ) ᠲᠤᠰᠬᠠᠶ ᠠᠰᠢᠭ ᠤᠨ ᠮᠡᠷᠭᠡᠵᠢᠯ ᠂ ᠪᠠᠲᠤᠯᠠᠵᠤ ᠴᠢᠳᠠᠬᠤ ᠪᠤᠢ , ᠲᠥᠬᠥᠭᠡᠷᠦᠮᠵᠢ ᠣᠷᠣᠭᠤᠯᠬᠤ ᠠᠷᠠᠯᠵᠢᠶ᠎ᠠ ;
( ᠭᠤᠷᠪᠠ ) ᠰᠢᠨᠵᠢᠯᠡᠬᠦ ᠤᠬᠠᠭᠠᠨ ᠮᠡᠷᠭᠡᠵᠢᠯ ᠦᠨ ᠦᠷ᠎ᠡ ᠪᠦᠲᠦᠭᠡᠯ ᠢ ᠦᠨᠡᠯᠡᠬᠦ ᠬᠡᠷᠡᠭᠲᠡᠶ ᠃
     ᠨᠠᠶᠮᠠᠳᠤᠭᠠᠷ ᠵᠦᠢᠯ     ᠵᠠᠷ ᠨᠡᠪᠲᠡᠷᠡᠭᠦᠯᠭᠡ ᠶᠢ ᠠᠰᠢᠭᠯᠠᠨ ᠂ ᠲᠧᠯᠸᠢᠰ , ᠰᠣᠨᠢᠨ ᠰᠡᠳᠬᠦᠯ ᠵᠡᠷᠭᠡ ᠵᠠᠭᠤᠴᠢ ᠪᠠᠷ ᠳᠡᠮᠵᠢᠨ ᠤᠬᠠᠭᠤᠯᠭ᠎ᠠ ᠬᠢᠵᠦ ᠂ ᠪᠣᠷᠣᠯᠠᠭᠤᠯᠬᠤ ᠲᠤᠰᠬᠠᠶ ᠠᠰᠢᠭ ᠤᠨ ᠦᠢᠯᠡᠳᠬᠦᠨ ᠪᠤᠶᠤ ᠲᠤᠰᠬᠠᠶ ᠠᠰᠢᠭ ᠤᠨ ᠠᠷᠭ᠎ᠠ ᠂ ᠲᠤᠬᠠᠶ ᠶᠢᠨ ᠬᠥᠮᠦᠨ ᠨᠢ ᠬᠢᠨᠠᠨ ᠵᠥᠪᠰᠢᠶᠡᠷᠡᠬᠦ ᠪᠠᠶᠢᠭᠤᠯᠭ᠎ᠠ ᠪᠠ ᠤᠯᠠᠮᠵᠢᠯᠠᠨ ᠳᠡᠯᠭᠡᠷᠡᠭᠦᠯᠬᠦ ᠨᠢᠭᠡᠴᠢ ᠨᠢ ᠲᠤᠰᠬᠠᠶ ᠠᠰᠢᠭ ᠤᠨ ᠡᠷᠬᠡ ᠶᠢ ᠬᠦᠴᠦᠨ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ ᠬᠠᠩᠭᠠᠬᠤ ᠬᠡᠷᠡᠭᠲᠡᠶ ᠃ ᠲᠤᠰᠬᠠᠶ ᠠᠰᠢᠭ ᠢ ᠬᠡᠷᠡᠭᠵᠢᠭᠦᠯᠬᠦ ᠵᠥᠪᠰᠢᠶᠡᠷᠡᠯ ᠣᠯᠤᠭᠰᠠᠨ ᠨᠢᠭᠡᠴᠢ ᠪᠠᠰᠠ ᠲᠤᠰᠬᠠᠶ ᠠᠰᠢᠭ ᠢ ᠬᠡᠷᠡᠭᠵᠢᠭᠦᠯᠬᠦ ᠵᠥᠪᠰᠢᠶᠡᠷᠡᠯ ᠦᠨ ᠭᠡᠷ᠎ᠡ ᠶᠢᠨ ᠬᠠᠭᠤᠯᠪᠤᠷᠢ ᠳᠡᠪᠲᠡᠷ ᠢ ᠬᠠᠩᠭᠠᠬᠤ ᠬᠡᠷᠡᠭᠲᠡᠶ ᠪᠤᠶᠤ ᠲᠡᠭᠦᠨ ᠳᠦ ᠡᠷᠬᠡ ᠣᠯᠭᠣᠵᠤ ᠪᠠᠶᠢᠭᠠᠳ ᠪᠣᠷᠣᠯᠠᠭᠤᠯᠬᠤ ᠬᠡᠯᠡᠯᠴᠡᠭᠡᠷ ᠲᠣᠭᠲᠠᠭᠠᠬᠤ ᠬᠡᠷᠡᠭᠲᠡᠶ ᠃ ᠬᠠᠤᠯᠢ ᠶᠣᠰᠣᠨ ᠤ ᠪᠥᠭᠡᠳ ᠬᠦᠴᠦᠨ ᠲᠡᠶ ᠲᠤᠰᠬᠠᠶ ᠠᠰᠢᠭ ᠤᠨ ᠭᠡᠷᠡᠴᠢ ᠪᠢᠴᠢᠭ ᠮᠠᠲ᠋ᠧᠷᠢᠶᠠᠯ ᠬᠠᠩᠭᠠᠭᠰᠠᠨ ᠦᠭᠡᠢ ᠪᠠᠶᠢᠪᠠᠯ ᠂ ᠬᠣᠯᠪᠣᠭᠳᠠᠯ ᠪᠦᠬᠦᠢ ᠨᠢᠭᠡᠴᠢ ᠡᠴᠡ ᠲᠡᠭᠦᠨ ᠳᠦ ᠵᠢᠷᠤᠭᠯᠠᠨ ᠲᠥᠯᠥᠪᠯᠡᠬᠦ ᠂ ᠦᠢᠯᠡᠳᠬᠦ ᠪᠠ ᠨᠡᠶᠢᠲᠡᠯᠡᠬᠦ ᠵᠠᠷ ᠃

 ᠭᠤᠷᠪᠠᠳᠤᠭᠠᠷ ᠪᠦᠯᠦᠭ   ᠲᠤᠰᠬᠠᠶ ᠠᠰᠢᠭ ᠤᠨ ᠵᠠᠭᠤᠷᠠᠯᠳᠤᠭᠠᠨ ᠳᠤ ᠵᠠᠰᠠᠭ ᠵᠠᠬᠢᠷᠭᠠᠨ ᠤ ᠰᠢᠶᠳᠪᠦᠷᠢᠯᠡᠬᠦ ᠪᠠ ᠡᠶᠡᠳᠡᠭᠦᠯᠬᠦ
     ᠶᠢᠰᠦᠳᠦᠭᠡᠷ ᠵᠦᠢᠯ   ᠲᠤᠰᠬᠠᠶ ᠠᠰᠢᠭ ᠤᠨ ᠡᠷᠬᠡᠲᠦ ᠬᠥᠮᠦᠨ ᠦ ᠵᠥᠪᠰᠢᠶᠡᠷᠡᠯ  ᠢ ᠣᠯᠤᠭᠰᠠᠨ ᠤᠢᠭᠡᠢ ᠪᠡᠷ ᠂ ᠲᠡᠭᠦᠨ ᠦ ᠲᠤᠰᠬᠠᠶ ᠠᠰᠢᠭ ᠢ ᠬᠡᠷᠡᠭᠵᠢᠭᠦᠯᠪᠡᠯ ᠂ ᠡᠷᠬᠡᠨ ᠳᠦ ᠬᠠᠯᠳᠠᠭᠰᠠᠨ ᠵᠢᠭᠤᠷᠠᠯᠳᠤᠭᠠᠨ ᠡᠭᠦᠰᠭᠡᠵᠦ ᠂ ᠲᠤᠰᠬᠠᠶ ᠠᠰᠢᠭ ᠤᠨ ᠡᠷᠬᠡᠲᠦ ᠬᠥᠮᠦᠨ ᠪᠤᠶᠤ ᠠᠰᠢᠭ ᠬᠣᠣᠷ ᠤᠨ ᠬᠠᠷᠢᠴᠠᠭ᠎ᠠ ᠲᠠᠶ ᠬᠥᠮᠦᠨ ᠦ ᠭᠤᠶᠤᠴᠢᠯᠠᠯ ᠢᠶᠠᠷ ᠡᠶᠡᠳᠡᠭᠦᠯᠦᠨ ᠰᠢᠶᠳᠪᠦᠷᠢᠯᠡᠪᠡ ᠂ ᠥᠪᠡᠷᠲᠡᠭᠡᠨ ᠵᠠᠰᠠᠬᠤ ᠣᠷᠣᠨ , ᠠᠶᠢᠮᠠᠭ ᠬᠤᠳᠠ ᠟ᠢᠢᠨ ᠲᠤᠰᠬᠠᠶ ᠠᠰᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠶᠣᠰᠣᠭᠠᠷ ᠬᠦᠯᠢᠶᠡᠨ ᠠᠪᠴᠤ ᠰᠢᠶᠳᠪᠦᠷᠢᠯᠡᠬᠦ ᠬᠡᠷᠡᠭᠲᠡᠶ ᠃
     ᠠᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠳᠠ ᠟ᠢᠢᠨ ᠲᠤᠰᠬᠠᠶ ᠠᠰᠢᠭ ᠢ ᠬᠠᠮᠢᠶᠠᠷᠬᠤ ᠰᠠᠯᠠᠭ᠎ᠠ ᠮᠥᠴᠢᠷ ᠦᠨ ᠵᠠᠰᠠᠭ ᠵᠠᠬᠢᠷᠭᠠᠨ ᠢᠶᠠᠷ ᠡᠶᠡᠳᠡᠭᠦᠯᠦᠨ ᠰᠢᠶᠳᠪᠦᠷᠢᠯᠡᠬᠦ ᠲᠤᠰᠬᠠᠶ ᠠᠰᠢᠭ ᠤᠨ ᠵᠢᠭᠤᠷᠠᠯᠳᠤᠭᠠᠨ ᠢ ᠬᠦᠯᠢᠶᠡᠨ ᠠᠪᠴᠤ ᠰᠢᠶᠳᠪᠦᠷᠢᠯᠡᠬᠦ ᠬᠦᠷᠢᠶ᠎ᠡ ᠬᠡᠪᠴᠢᠶ᠎ᠡ ᠄
( ᠨᠢᠭᠡ ) ᠲᠤᠰᠬᠠᠶ ᠠᠰᠢᠭ ᠭᠤᠶᠤᠴᠢᠯᠠᠬᠤ ᠡᠷᠬᠡ ᠪᠠ ᠲᠤᠰᠬᠠᠶ ᠠᠰᠢᠭ ᠤᠨ ᠡᠷᠬᠡ ᠶᠢ ᠬᠠᠷᠢᠶᠠᠯᠠᠯ ᠤᠨ ᠲᠤᠬᠠᠶ ᠵᠢᠭᠤᠷᠠᠯᠳᠤᠭᠠᠨ ;
( ᠬᠣᠶᠠᠷ ) ᠲᠤᠰᠬᠠᠶ ᠠᠰᠢᠭ ᠤᠨ ᠡᠭᠦᠳᠦᠭᠴᠢ ᠂ ᠵᠢᠷᠤᠭ ᠲᠥᠯᠥᠪᠯᠡᠭᠴᠢ ᠶᠢᠨ ᠬᠢᠷᠢ ᠬᠡᠮ ᠦᠨ ᠲᠤᠬᠠᠶ ᠵᠢᠭᠤᠷᠠᠯᠳᠤᠭᠠᠨ ;
( ᠭᠤᠷᠪᠠ ) ᠡᠭᠦᠷᠭᠡ ᠲᠤᠰᠢᠶᠠᠯ ᠤᠨ ᠡᠭᠦᠳᠦᠯᠲᠡ ᠪᠦᠲᠦᠭᠡᠯᠲᠡ ᠶᠢᠨ ᠡᠭᠦᠳᠦᠭᠴᠢ ᠂ ᠵᠢᠷᠤᠭ ᠲᠥᠯᠥᠪᠯᠡᠭᠴᠢ ᠶᠢᠨ ᠱᠠᠩᠨᠠᠯ ᠬᠥᠬᠢᠭᠦᠯᠦᠯ ᠪᠠ ᠬᠠᠷᠠᠮᠵᠢ ᠮᠥᠩᠭᠥ ᠵᠢᠭᠤᠷᠠᠯᠳᠤᠭᠠᠨ ;
( ᠳᠥᠷᠪᠡ ) ᠲᠤᠰᠬᠠᠶ ᠠᠰᠢᠭ ᠤᠨ ᠡᠷᠬᠡ ᠂ ᠲᠤᠰᠬᠠᠶ ᠠᠰᠢᠭ ᠭᠤᠶᠤᠴᠢᠯᠠᠬᠤ ᠡᠷᠬᠡ ᠶᠢ ᠰᠢᠯᠵᠢᠭᠦᠯᠦᠨ ᠥᠭᠬᠦ ᠭᠡᠷ᠎ᠡ ᠶᠢᠨ ᠵᠢᠭᠤᠷᠠᠯᠳᠤᠭᠠᠨ ;
( ᠲᠠᠪᠤ ) ᠡᠭᠦᠳᠦᠯᠲᠡ ᠶᠢᠨ ᠲᠤᠰᠬᠠᠶ ᠠᠰᠢᠭ ᠤᠨ ᠭᠤᠶᠤᠴᠢᠯᠠᠯ ᠢ ᠨᠡᠶᠢᠲᠡᠯᠡᠭᠰᠡᠨ ᠦ ᠳᠠᠷᠠᠭ᠎ᠠ ᠲᠤᠰᠬᠠᠶ ᠠᠰᠢᠭ ᠤᠨ ᠡᠷᠬᠡ ᠣᠯᠭᠣᠬᠤ ᠠᠴᠠ ᠡᠮᠦᠨ᠎ᠡ ᠬᠡᠷᠡᠭᠯᠡᠭᠰᠡᠨ ᠡᠭᠦᠳᠦᠯᠲᠡ ᠪᠠᠶᠢᠲᠠᠯ᠎ᠠ ᠵᠣᠬᠢᠰᠲᠠᠶ ᠰᠦᠢᠳᠬᠡᠯ ᠲᠤᠰᠢᠶᠠᠬᠤ ᠵᠢᠭᠤᠷᠠᠯᠳᠤᠭᠠᠨ ;
( ᠵᠢᠷᠭᠤᠭ᠎ᠠ ) ᠲᠤᠰᠬᠠᠶ ᠠᠰᠢᠭ ᠤᠨ ᠡᠷᠬᠡ ᠳᠦ ᠬᠠᠯᠳᠠᠭᠰᠠᠨ ᠵᠢᠭᠤᠷᠠᠯᠳᠤᠭᠠᠨ ;
( ᠲᠤᠯᠦᠭ᠎ᠠ ) ᠪᠤᠰᠤᠳ ᠤᠨ ᠲᠤᠰᠬᠠᠶ ᠠᠰᠢᠭ ᠢ ᠬᠠᠭᠤᠷᠮᠠᠭᠯᠠᠨ ᠬᠡᠷᠡᠭᠯᠡᠭᠰᠡᠨ ᠵᠢᠭᠤᠷᠠᠯᠳᠤᠭᠠᠨ ᠪᠣᠯᠤᠨ ᠣᠪᠯᠠᠭᠰᠠᠨ ᠃
ᠠᠷᠪᠠᠳᠤᠭᠠᠷ ᠵᠦᠢᠯ   ( ᠲᠠᠪᠤ ) ᠳᠤᠷᠠᠳᠤᠭᠰᠠᠨ ᠵᠢᠭᠤᠷᠠᠯᠳᠤᠭᠠᠨ ᠢ ᠦᠵᠡᠭᠦᠯᠬᠦ ᠂ ᠲᠤᠰᠬᠠᠶ ᠠᠰᠢᠭ ᠤᠨ ᠡᠷᠬᠡᠲᠦ ᠬᠥᠮᠦᠨ ᠨᠢ ᠲᠤᠰᠬᠠᠶ ᠠᠰᠢᠭ ᠤᠨ ᠡᠷᠬᠡ ᠶᠢ ᠣᠯᠭᠣᠭᠰᠠᠨ ᠤ ᠳᠠᠷᠠᠭ᠎ᠠ ᠳᠤᠷᠠᠳᠬᠤ ᠬᠡᠷᠡᠭᠲᠡᠶ ᠃
      ᠠᠷᠪᠠᠨ ᠨᠢᠭᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠳᠠ ᠟ᠢᠢᠨ ᠲᠤᠰᠬᠠᠶ ᠠᠰᠢᠭ ᠢ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠶ ᠠᠰᠢᠭ ᠤᠨ ᠵᠢᠭᠤᠷᠠᠯᠳᠤᠭᠠᠨ ᠢ ᠡᠶᠡᠳᠡᠭᠦᠯᠦᠨ ᠰᠢᠶᠳᠪᠦᠷᠢᠯᠡᠬᠦ ᠂ ᠳᠣᠣᠷ᠎ᠠ ᠵᠢᠭᠰᠠᠭᠠᠭᠰᠠᠨ ᠨᠥᠬᠥᠴᠡᠯ ᠳᠦ ᠨᠡᠶᠢᠴᠡᠭᠰᠡᠨ ᠪᠠᠶᠢᠬᠤ ᠬᠡᠷᠡᠭᠲᠡᠶ ᠄
( ᠨᠢᠭᠡ ) ᠭᠤᠶᠤᠴᠢᠯᠠᠭᠴᠢ ᠨᠢ ᠲᠤᠰᠬᠠᠶ ᠠᠰᠢᠭ ᠤᠨ ᠡᠷᠬᠡᠲᠦ ᠬᠥᠮᠦᠨ ᠪᠤᠶᠤ ᠠᠰᠢᠭ ᠬᠣᠣᠷ ᠤᠨ ᠬᠠᠷᠢᠴᠠᠭ᠎ᠠ ᠲᠠᠶ ᠬᠥᠮᠦᠨ ;
( ᠬᠣᠶᠠᠷ ) ᠲᠣᠳᠣᠷᠬᠠᠶ ᠭᠤᠶᠤᠴᠢᠯᠠᠭᠳᠠᠭᠴᠢ ;
( ᠭᠤᠷᠪᠠ ) ᠲᠣᠳᠣᠷᠬᠠᠶ ᠭᠤᠶᠤᠴᠢᠯᠠᠭᠰᠠᠨ ᠵᠦᠢᠯ ᠪᠠ ᠪᠣᠳᠠᠲᠠᠶ ᠪᠣᠳᠠᠲᠤ ᠬᠡᠷᠡᠭ ᠂ ᠰᠢᠯᠲᠠᠭᠠᠨ ;
( ᠳᠥᠷᠪᠡ ) ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ᠂ ᠬᠠᠮᠢᠶᠠᠷᠬᠤ ᠬᠡᠪᠴᠢᠶ᠎ᠡ ᠳᠦ ᠬᠦᠯᠢᠶᠡᠨ ᠠᠪᠴᠤ ᠰᠢᠶᠳᠪᠦᠷᠢᠯᠡᠬᠦ ᠴᠢᠬᠤᠯᠠᠲᠠᠶ ᠵᠦᠢᠯ ᠦᠳ ;
( ᠲᠠᠪᠤ ) ᠲᠤᠬᠠᠶ ᠶᠢᠨ ᠬᠥᠮᠦᠨ ᠲᠤᠰ ᠲᠤᠰᠬᠠᠶ ᠠᠰᠢᠭ ᠤᠨ ᠵᠢᠭᠤᠷᠠᠯᠳᠤᠭᠠᠨ ᠤ ᠲᠤᠬᠠᠶ ᠠᠷᠠᠳ ᠤᠨ ᠰᠢᠭᠦᠬᠦ ᠬᠣᠷᠢᠶᠠᠨ ᠳᠤ ᠵᠠᠭᠠᠯᠳᠤᠵᠤ ᠪᠣᠯᠤᠨ᠎ᠠ ᠃
     ᠠᠷᠪᠠᠨ ᠬᠣᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠳᠠ ᠟ᠢᠢᠨ ᠲᠤᠰᠬᠠᠶ ᠠᠰᠢᠭ ᠢ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠶ ᠠᠰᠢᠭ ᠤᠨ ᠵᠢᠭᠤᠷᠠᠯᠳᠤᠭᠠᠨ ᠢ ᠡᠶᠡᠳᠡᠭᠦᠯᠦᠨ ᠰᠢᠶᠳᠪᠦᠷᠢᠯᠡᠬᠦ ᠂ ᠲᠤᠬᠠᠶ ᠶᠢᠨ ᠬᠥᠮᠦᠨ ᠨᠢ ᠪᠢᠴᠢᠭ ᠦᠨ ᠲᠤᠰᠬᠠᠶ ᠠᠰᠢᠭ ᠤᠨ ᠵᠢᠭᠤᠷᠠᠯᠳᠤᠭᠠᠨ ᠢ ᠡᠶᠡᠳᠡᠭᠦᠯᠬᠦ ᠭᠤᠶᠤᠴᠢᠯᠠᠯ ᠤᠨ ᠪᠢᠴᠢᠭ ᠪᠠ ᠬᠣᠯᠪᠣᠭᠳᠠᠯ ᠪᠦᠬᠦᠢ ᠭᠡᠷᠡᠴᠢ ᠪᠠᠷᠢᠮᠲᠠ ᠶᠢ ᠲᠤᠰᠢᠶᠠᠬᠤ ᠬᠡᠷᠡᠭᠲᠡᠶ ᠪᠥᠭᠡᠳ ᠭᠤᠶᠤᠴᠢᠯᠠᠭᠳᠠᠭᠴᠢ ᠲᠣᠭ᠎ᠠ ᠬᠡᠮᠵᠢᠶ᠎ᠡ ᠶᠣᠰᠣᠭᠠᠷ ᠵᠣᠬᠢᠴᠠᠩᠭᠤᠶ ᠬᠠᠭᠤᠯᠪᠤᠷᠢ ᠳᠡᠪᠲᠡᠷ ᠲᠤᠰᠢᠶᠠᠬᠤ ᠬᠡᠷᠡᠭᠲᠡᠶ ᠃
     ᠠᠷᠪᠠᠨ ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠳᠠ ᠟ᠢᠢᠨ ᠲᠤᠰᠬᠠᠶ ᠠᠰᠢᠭ ᠢ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠶ ᠠᠰᠢᠭ ᠤᠨ ᠵᠢᠭᠤᠷᠠᠯᠳᠤᠭᠠᠨ ᠢ ᠡᠶᠡᠳᠡᠭᠦᠯᠬᠦ ᠭᠤᠶᠤᠴᠢᠯᠠᠯ ᠤᠨ ᠪᠢᠴᠢᠭ ᠪᠠ ᠬᠣᠯᠪᠣᠭᠳᠠᠯ ᠪᠦᠬᠦᠢ ᠭᠡᠷᠡᠴᠢ ᠪᠠᠷᠢᠮᠲᠠ ᠶᠢ ᠣᠯᠤᠭᠰᠠᠨ ᠡᠳᠦᠷ ᠡᠴᠡ ᠡᠬᠢᠯᠡᠨ ᠲᠠᠪᠤᠨ ᠡᠳᠦᠷ ᠦᠨ ᠳᠣᠲᠣᠷ᠎ᠠ ᠂ ᠬᠦᠯᠢᠶᠡᠨ ᠠᠪᠴᠤ ᠰᠢᠶᠳᠪᠦᠷᠢᠯᠡᠬᠦ ᠡᠰᠡᠬᠦ ᠲᠣᠭᠲᠠᠭᠠᠯ ᠭᠠᠷᠭᠠᠬᠤ ᠬᠡᠷᠡᠭᠲᠡᠶ ᠪᠥᠭᠡᠳ ᠭᠤᠶᠤᠴᠢᠯᠠᠭᠴᠢ ᠳᠤ ᠪᠢᠴᠢᠭ ᠢᠶᠡᠷ ᠮᠡᠳᠡᠭᠳᠡᠬᠦ ᠬᠡᠷᠡᠭᠲᠡᠶ ᠃ ᠲᠤᠰᠢᠶᠠᠭᠰᠠᠨ ᠮᠠᠲ᠋ᠧᠷᠢᠶᠠᠯ ᠨᠢ ᠪᠦᠷᠢᠨ ᠪᠤᠰᠤ ᠂ ᠲᠣᠭᠲᠠᠭᠠᠭᠰᠠᠨ ᠴᠠᠭ ᠟ᠣᠨ ᠳᠣᠲᠣᠷ᠎ᠠ ᠨᠥᠬᠥᠪᠥᠷᠢᠯᠡᠵᠦ ᠵᠠᠯᠠᠷᠠᠭᠤᠯᠬᠤ ᠪᠠᠷ ᠱᠠᠭᠠᠷᠳᠠᠵᠤ ᠪᠣᠯᠤᠨ᠎ᠠ ᠂ ᠭᠤᠶᠤᠴᠢᠯᠠᠭᠴᠢ ᠨᠢ ᠭᠦᠢᠴᠡᠬᠦ ᠃
      ᠠᠷᠪᠠᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠳᠠ ᠟ᠢᠢᠨ ᠲᠤᠰᠬᠠᠶ ᠠᠰᠢᠭ ᠢ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠶ ᠠᠰᠢᠭ ᠤᠨ ᠵᠢᠭᠤᠷᠠᠯᠳᠤᠭᠠᠨ  ᠤ ᠲᠠᠷᠠᠭ᠎ᠠ ᠲᠠᠪᠤᠨ ᠡᠳᠦᠷ ᠦᠨ ᠳᠣᠲᠣᠷ᠎ᠠ ᠬᠦᠯᠢᠶᠡᠨ ᠠᠪᠴᠤ ᠰᠢᠶᠳᠪᠦᠷᠢᠯᠡᠬᠦ ᠬᠡᠷᠡᠭᠲᠡᠶ ᠂ ᠭᠤᠶᠤᠴᠢᠯᠠᠯ ᠤᠨ ᠪᠢᠴᠢᠭ ᠦᠨ ᠲᠡᠭᠠᠯᠳᠠ ᠳᠡᠪᠲᠡᠷ ᠢ ᠭᠤᠶᠤᠴᠢᠯᠠᠯ ᠢᠶᠠᠷ ᠰᠢᠯᠵᠢᠭᠦᠯᠦᠨ ᠭᠤᠶᠤᠴᠢᠯᠠᠭᠴᠢ ᠪᠣᠯᠤᠨ᠎ᠠ ᠃ ᠭᠤᠶᠤᠴᠢᠯᠠᠭᠳᠠᠭᠴᠢ ᠨᠢ ᠭᠤᠶᠤᠴᠢᠯᠠᠯ ᠤᠨ ᠪᠢᠴᠢᠭ ᠦᠨ ᠲᠡᠭᠠᠯᠳᠠ ᠳᠡᠪᠲᠡᠷ ᠢ ᠣᠯᠤᠭᠰᠠᠨ ᠤ ᠲᠡᠷᠡᠭ᠎ᠠ ᠠᠷᠪᠠᠨ ᠲᠠᠪᠤᠨ ᠡᠳᠦᠷ ᠦᠨ ᠳᠣᠲᠣᠷ᠎ᠠ ᠬᠠᠷᠢᠭᠤ ᠮᠠᠷᠭᠤᠬᠤ ᠪᠢᠴᠢᠭ ᠪᠣᠯᠤᠨ ᠬᠣᠯᠪᠣᠭᠳᠠᠯ ᠪᠦᠬᠦᠢ ᠭᠡᠷᠡᠴᠢ ᠪᠠᠷᠢᠮᠲᠠ ᠶᠢ ᠲᠤᠰᠢᠶᠠᠬᠤ ᠬᠡᠷᠡᠭᠲᠡᠶ ᠃
ᠭᠤᠶᠤᠴᠢᠯᠠᠭᠳᠠᠭᠴᠢ ᠬᠠᠷᠢᠭᠤ ᠮᠠᠷᠭᠤᠬᠤ ᠪᠢᠴᠢᠭ ᠳᠡᠪᠰᠢᠭᠦᠯᠦᠭᠰᠡᠨ ᠦᠭᠡᠢ ᠪᠠ ᠬᠣᠯᠪᠣᠭᠳᠠᠯ ᠪᠦᠬᠦᠢ ᠭᠡᠷᠡᠴᠢ ᠪᠠᠷᠢᠮᠲᠠ ᠶᠢᠨ ᠂ ᠰᠢᠶᠳᠪᠦᠷᠢᠯᠡᠬᠦ ᠵᠢᠷᠤᠮ ᠤᠨ ᠶᠠᠪᠤᠭᠳᠠᠬᠤ ᠶᠢ ᠨᠥᠯᠥᠭᠡᠯᠡᠬᠦ ᠦᠭᠡᠢ ᠃
     ᠠᠷᠪᠠᠨ ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠳᠠ ᠟ᠢᠢᠨ ᠲᠤᠰᠬᠠᠶ ᠠᠰᠢᠭ ᠢ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠶ ᠠᠰᠢᠭ ᠤᠨ ᠵᠢᠭᠤᠷᠠᠯᠳᠤᠭᠠᠨ ᠢ ᠰᠢᠶᠳᠪᠦᠷᠢᠯᠡᠬᠦ ᠦᠶ᠎ᠡ ᠳᠦ ᠂ ᠬᠣᠶᠠᠷ ᠲᠠᠯ᠎ᠠ ᠶᠢᠨ ᠲᠤᠬᠠᠶ ᠶᠢᠨ ᠬᠥᠮᠦᠨ ᠦ ᠬᠦᠰᠡᠯ ᠰᠠᠨᠠᠭ᠎ᠠ ᠶᠢ ᠦᠨᠳᠦᠰᠦᠯᠡᠨ ᠤᠷᠢᠳ ᠢᠶᠠᠷ ᠡᠶᠡᠳᠡᠭᠦᠯᠬᠦ ᠬᠡᠷᠡᠭᠲᠡᠶ ᠃ ᠡᠶᠡᠳᠡᠭᠦᠯᠦᠭᠡᠳ ᠬᠡᠯᠡᠯᠴᠡᠭᠡᠷ ᠳᠣᠭᠢᠷᠬᠠᠰᠠᠨ ᠪᠠᠶᠢᠪᠠᠯ ᠂ ᠡᠶᠡᠳᠡᠭᠦᠯᠭᠡ ᠶᠢᠨ ᠪᠢᠴᠢᠭ ᠵᠣᠬᠢᠶᠠᠬᠤ ᠬᠡᠷᠡᠭᠲᠡᠶ ᠃
     ᠲᠤᠰ ᠠᠷᠭ᠎ᠠ ᠶᠢᠨ ᠠᠷᠪᠠᠳᠤᠭᠠᠷ ᠵᠦᠢᠯ ᠳᠦ ᠲᠣᠭᠲᠠᠭᠠᠭᠰᠠᠨ ᠲᠤᠰᠬᠠᠶ ᠠᠰᠢᠭ ᠤᠨ ᠵᠢᠭᠤᠷᠠᠯᠳᠤᠭᠠᠨ ᠢ ᠡᠶᠡᠳᠡᠭᠦᠯᠦᠭᠡᠳ ᠪᠦᠲᠦᠭᠰᠡᠨ ᠦᠭᠡᠢ ᠪᠤᠶᠤ ᠡᠶᠡᠳᠡᠭᠦᠯᠬᠦ ᠳᠠᠷᠠᠭ᠎ᠠ ᠲᠤᠬᠠᠶ ᠶᠢᠨ ᠬᠥᠮᠦᠨ ᠨᠢ ᠦᠭᠡ ᠡᠴᠡ ᠪᠡᠨ ᠪᠤᠴᠠᠭᠰᠠᠨ ᠪᠠᠶᠢᠪᠠᠯ ᠂ ᠠᠷᠠᠳ ᠤᠨ ᠰᠢᠭᠦᠬᠦ ᠬᠣᠷᠢᠶ᠎ᠠ ᠳᠤ ᠵᠠᠭᠠᠯᠳᠤᠵᠤ ᠪᠣᠯᠤᠨ᠎ᠠ ᠭᠡᠳᠡᠭ ᠢ ᠲᠤᠬᠠᠶ ᠶᠢᠨ ᠬᠥᠮᠦᠨ ᠳᠦ ᠮᠡᠳᠡᠭᠳᠡᠬᠦ ᠬᠡᠷᠡᠭᠲᠡᠶ ᠃
     ᠠᠷᠪᠠᠨ ᠵᠢᠷᠭᠤᠳᠤᠭᠠᠷ ᠵᠦᠢᠯ   ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠶ ᠠᠰᠢᠭ ᠤᠨ ᠵᠢᠭᠤᠷᠠᠯᠳᠤᠭᠠᠨ ᠢ ᠰᠢᠶᠳᠪᠦᠷᠢᠯᠡᠬᠦ ᠦᠶ᠎ᠡ ᠳᠦ ᠂ ᠳᠣᠣᠷ᠎ᠠ ᠵᠢᠭᠰᠠᠭᠠᠭᠰᠠᠨ ᠡᠷᠬᠡ ᠲᠤᠰᠢᠶᠠᠯ ᠤᠳ ᠢ ᠬᠡᠷᠡᠭᠵᠢᠭᠦᠯᠵᠦ ᠪᠣᠯᠤᠨ᠎ᠠ ᠄
( ᠨᠢᠭᠡ ) ᠲᠤᠬᠠᠶ ᠶᠢᠨ ᠬᠥᠮᠦᠨ ᠪᠠ ᠭᠡᠷᠡᠴᠢᠯᠡᠭᠴᠢ ᠶᠢ ᠯᠠᠪᠯᠠᠨ ᠠᠰᠠᠭᠤᠬᠤ ;
( ᠬᠣᠶᠠᠷ ) ᠪᠠᠶᠢᠴᠠᠭᠠᠨ ᠦᠵᠡᠬᠦ ᠂ ᠪᠠᠭᠤᠯᠭᠠᠬᠤ ᠬᠡᠷᠡᠭ ᠲᠦ ᠬᠣᠯᠪᠣᠭᠳᠠᠬᠤ ᠭᠡᠷ᠎ᠡ ᠂ ᠬᠡᠷᠡᠭᠰᠡᠯ , ᠳᠠᠩᠰᠠ ᠬᠠᠷ᠎ᠠ ᠵᠡᠷᠭᠡ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ ;
( ᠭᠤᠷᠪᠠ ) ᠲᠤᠬᠠᠶ ᠶᠢᠨ ᠭᠠᠵᠠᠷ ᠲᠤᠨᠢ ᠬᠠᠶᠢᠨ ᠰᠢᠯᠭᠠᠵᠤ ᠪᠠᠶᠢᠴᠠᠭᠠᠭᠰᠠᠨ ᠂ ᠳᠦᠷᠰᠦ ᠰᠢᠩᠭᠡᠭᠡᠬᠦ ᠬᠡᠷᠡᠭ ᠲᠦ ᠬᠣᠯᠪᠣᠭᠳᠠᠬᠤ ᠡᠳ᠋ ᠪᠣᠳᠠᠰ ᠪᠠ ᠲᠥᠬᠥᠭᠡᠷᠦᠮᠵᠢ ᠲᠡᠶ ᠪᠠᠶᠢᠬᠤ ;
( ᠲᠦᠷᠪᠡ ) ᠦᠢᠯᠡᠳᠬᠦ ᠠᠷᠭ᠎ᠠ ᠶᠢᠨ ᠲᠤᠰᠬᠠᠶ ᠠᠰᠢᠭ ᠤᠨ ᠡᠷᠬᠡ ᠳᠦ ᠬᠠᠯᠳᠠᠭᠰᠠᠨ ᠰᠡᠵᠢᠭᠯᠡᠯᠲᠡᠶ ᠪᠠᠶᠢᠪᠠᠯ ᠂ ᠪᠠᠶᠢᠴᠠᠭᠠᠭᠳᠠᠬᠤ ᠬᠥᠮᠦᠨ ᠢ ᠱᠠᠭᠠᠷᠳᠠᠵᠤ ᠪᠠᠶᠢᠭᠠᠳ ᠲᠤᠬᠠᠶ ᠶᠢᠨ ᠭᠠᠵᠠᠷ ᠲᠤᠨᠢ ᠲᠣᠭᠯᠠᠨ ᠦᠵᠡᠭᠦᠯᠦᠨ᠎ᠡ ᠃
( ᠲᠠᠪᠤ ) ᠬᠡᠷᠡᠴᠢ ᠪᠠᠷᠢᠮᠲᠠ ᠴᠤᠭᠯᠠᠭᠤᠯᠬᠤ ᠬᠡᠷᠡᠭᠴᠡᠭᠡ ᠡᠴᠡ ᠦᠨᠳᠦᠰᠦᠯᠡᠨ ᠬᠢᠵᠦ ᠂ ᠦᠯᠢᠭᠡᠷ ᠠᠪᠴᠤ ᠭᠡᠷᠡᠴᠢ ᠪᠣᠯᠭᠠᠬᠤ ;
( ᠵᠢᠷᠭᠤᠭ᠎ᠠ ) ᠬᠡᠷᠡᠭᠴᠡᠭᠡ ᠪᠡᠨ ᠦᠨᠳᠦᠰᠦᠯᠡᠨ ᠬᠡᠷᠡᠭ ᠲᠦ ᠬᠣᠯᠪᠣᠭᠳᠠᠬᠤ ᠤᠰᠠᠳᠤᠨ ᠠᠷᠢᠯᠵᠤ ᠮᠡᠳᠡᠬᠦ ᠪᠤᠶᠤ ᠬᠣᠵᠢᠮ ᠣᠯᠳᠠᠬᠤ ᠳᠤ ᠪᠡᠷᠬᠡᠲᠡᠶ ᠂ ᠪᠠᠰᠠ ᠡᠳ᠋ ᠪᠣᠳᠠᠰ ᠢ ᠦᠯᠢᠭᠡᠷ ᠠᠪᠴᠤ ᠭᠡᠷᠡᠴᠢ ᠪᠣᠯᠭᠠᠬᠤ ᠠᠷᠭ᠎ᠠ ᠦᠭᠡᠢ ᠶᠤᠮ ᠂ ᠲᠡᠡᠭᠰᠡᠯᠡᠠ ᠬᠠᠳᠠᠭᠠᠯᠠᠬᠤ ᠬᠡᠷᠡᠭᠲᠡᠶ ᠃
ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ᠡᠴᠡ ᠬᠠᠤᠯᠢ ᠶᠣᠰᠣᠭᠠᠷ ᠬᠡᠷᠡᠭᠵᠢᠭᠦᠯᠵᠦ ᠂ ᠳᠡᠭᠡᠷ᠎ᠡ ᠳᠤᠷᠠᠳᠤᠭᠰᠠᠨ ᠲᠣᠭᠲᠠᠭᠠᠯ ᠢ ᠡᠷᠬᠡ ᠲᠤᠰᠢᠶᠠᠯ ᠢᠶᠠᠨ ᠬᠡᠷᠡᠭᠵᠢᠭᠦᠯᠬᠦ ᠳᠡᠭᠡᠨ ᠂ ᠬᠣᠯᠪᠣᠭᠳᠠᠯ ᠪᠦᠬᠦᠢ ᠨᠢᠭᠡᠴᠢ ᠪᠤᠶᠤ ᠬᠤᠪᠢ ᠬᠥᠮᠦᠨ ᠳᠡᠮᠵᠢᠯᠭᠡ ᠦᠵᠡᠭᠦᠯᠬᠦ ᠬᠡᠷᠡᠭᠲᠡᠶ ᠂ ᠂ ᠲᠠᠲᠠᠭᠠᠯᠵᠠᠬᠤ ᠪᠤᠶᠤ ᠬᠠᠷᠰᠢᠯᠠᠵᠤ ᠪᠣᠯᠬᠤ ᠤᠢᠭᠡᠢ ᠂ ᠬᠠᠭᠤᠷᠮᠠᠭᠯᠠᠨ ᠵᠣᠬᠢᠶᠠᠵᠤ ᠪᠣᠯᠬᠤ ᠦᠭᠡᠶ ᠂ ᠰᠢᠯᠵᠢᠭᠦᠯᠵᠦ ᠪᠣᠯᠬᠤ ᠤᠣ , ᠭᠡᠷᠡᠴᠢ ᠪᠠᠷᠢᠮᠲᠠ ᠶᠢ ᠰᠦᠢᠳᠬᠡᠬᠦ .
     ᠠᠷᠪᠠᠨ ᠳᠣᠯᠣᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠳᠠ ᠟ᠢᠢᠨ ᠲᠤᠰᠬᠠᠶ ᠠᠰᠢᠭ ᠢ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠶ ᠠᠰᠢᠭ ᠤᠨ ᠡᠷᠬᠡ ᠳᠦ ᠬᠠᠯᠳᠠᠭᠰᠠᠨ ᠦᠢᠯᠡ ᠠᠵᠢᠯᠯᠠᠭ᠎ᠠ ᠶᠢ ᠮᠠᠭᠠᠳᠯᠠᠨ ᠲᠣᠭᠲᠠᠭᠠᠬᠤ ᠬᠡᠷᠡᠭᠲᠡᠶ ᠂ ᠳᠣᠣᠷ᠎ᠠ ᠵᠢᠭᠰᠠᠭᠠᠭᠰᠠᠨ ᠠᠷᠭ᠎ᠠ ᠮᠠᠶ᠋ᠢᠭ ᠢᠶᠠᠷ ᠡᠷᠬᠡ ᠳᠦ ᠬᠠᠯᠳᠠᠭᠰᠠᠨ ᠠᠵᠢᠯᠯᠠᠭ᠎ᠠ ᠶᠢ ᠬᠣᠷᠢᠭᠯᠠᠨ ᠵᠣᠭᠰᠣᠭᠠᠬᠤ ᠶᠢᠨ ᠪᠣᠯᠤᠨ᠎ᠠ ᠄
( ᠨᠢᠭᠡ ) ᠲᠤᠰᠬᠠᠶ ᠠᠰᠢᠭ ᠤᠨ ᠦᠢᠯᠡᠳᠬᠦᠨ ᠢ ᠦᠢᠯᠡᠳᠴᠦ ᠂ ᠲᠡᠭᠦᠨ ᠢ ᠵᠠᠷᠯᠢᠭᠳᠠᠵᠤ ᠪᠠᠶᠢᠭᠠᠳ ᠵᠣᠭᠰᠣᠭᠠᠵᠤ ᠂ ᠦᠢᠯᠡᠳᠬᠦ ᠂ ᠤᠰᠠᠳᠬᠠᠯᠭᠠᠬᠤ ᠪᠤᠶᠤ ᠲᠤᠰᠬᠠᠶ ᠠᠰᠢᠭ ᠤᠨ ᠦᠢᠯᠡᠳᠬᠦᠨ ᠢ ᠦᠢᠯᠡᠳᠬᠦ ᠳᠦ ᠬᠡᠷᠡᠭᠯᠡᠬᠦ ᠬᠡᠪ ᠵᠠᠳᠠᠯᠬᠤ ᠂ ᠲᠤᠰᠬᠠᠶ ᠬᠡᠷᠡᠭᠯᠡᠯᠳᠦ ᠲᠥᠬᠥᠭᠡᠷᠦᠮᠵᠢ , ᠪᠥᠭᠡᠳ ᠬᠡᠷᠡᠭᠯᠡᠵᠦ ᠪᠣᠯᠬᠤ ᠤᠢᠭᠡᠢ ᠂ ᠰᠢᠯᠵᠢᠭᠦᠯᠦᠨ ᠨᠢᠭᠡᠨᠲᠡ ᠦᠢᠯᠡᠳᠦᠭᠰᠡᠨ ᠲᠤᠰᠬᠠᠶ ᠠᠰᠢᠭ ᠤᠨ ᠦᠢᠯᠡᠳᠬᠦᠨ ᠂ ᠡᠰᠡᠬᠦᠯ᠎ᠡ ᠶᠠᠮᠠᠷᠪᠠ ᠬᠡᠯᠪᠡᠷᠢ ᠪᠡᠷ ᠲᠤᠰ ᠦᠢᠯᠡᠳᠬᠦᠨ ᠦ ᠵᠠᠬ᠎ᠠ ᠳᠡᠯᠭᠡᠭᠦᠷ ᠲᠦ ᠣᠷᠣᠭᠤᠯᠬᠤ ;
( ᠬᠣᠶᠠᠷ ) ᠲᠤᠰᠬᠠᠶ ᠠᠰᠢᠭ ᠤᠨ ᠠᠷᠭ᠎ᠠ ᠶᠢ ᠬᠡᠷᠡᠭᠯᠡᠭᠡᠳ ᠂ ᠲᠡᠭᠦᠨ ᠢ ᠵᠠᠷᠯᠢᠭᠳᠠᠵᠤ ᠪᠠᠶᠢᠭᠠᠳ ᠬᠡᠷᠡᠭᠯᠡᠬᠦ ᠶᠢ ᠨᠢ ᠵᠣᠭᠰᠣᠭᠠᠬᠤ ᠬᠡᠷᠡᠭᠲᠡᠶ ᠂ ᠲᠡᠷᠡᠴᠢᠯᠡᠨ ᠬᠡᠷᠡᠭᠯᠡᠵᠦ ᠪᠣᠯᠬᠤ ᠤᠢᠭᠡᠢ ᠂ ᠰᠢᠯᠵᠢᠭᠦᠯᠬᠦ ᠲᠤᠰᠬᠠᠶ ᠠᠰᠢᠭ ᠤᠨ ᠠᠷᠭ᠎ᠠ ᠪᠠᠷ ᠰᠢᠭᠤᠳ ᠣᠯᠤᠭᠰᠠᠨ ᠦᠢᠯᠡᠳᠬᠦᠨ ᠢ ᠡᠰᠡᠬᠦᠯ᠎ᠡ ᠶᠠᠮᠠᠷᠪᠠ ᠠᠷᠭ᠎ᠠ ᠮᠠᠶ᠋ᠢᠭ ᠢᠶᠠᠷ ᠲᠤᠰ ᠦᠢᠯᠡᠳᠬᠦᠨ ᠦ ᠵᠠᠬ᠎ᠠ ᠳᠡᠯᠭᠡᠭᠦᠷ ᠲᠦ ᠣᠷᠣᠭᠤᠯᠬᠤ ;
( ᠭᠤᠷᠪᠠ ) ᠪᠣᠷᠣᠯᠠᠭᠤᠯᠤᠭᠰᠠᠨ ᠲᠤᠰᠬᠠᠶ ᠠᠰᠢᠭ ᠤᠨ ᠦᠢᠯᠡᠳᠬᠦᠨ ᠪᠤᠶᠤ ᠲᠤᠰᠬᠠᠶ ᠠᠰᠢᠭ ᠤᠨ ᠠᠷᠭ᠎ᠠ ᠪᠠᠷ ᠰᠢᠭᠤᠳ ᠣᠯᠤᠭᠰᠠᠨ ᠦᠢᠯᠡᠳᠬᠦᠨ ᠲᠡᠭᠦᠨ ᠢ ᠵᠠᠷᠯᠢᠭᠳᠠᠵᠤ ᠪᠠᠶᠢᠭᠠᠳ ᠪᠣᠷᠣᠯᠠᠭᠤᠯᠬᠤ ᠶᠢ ᠨᠢ ᠵᠣᠭᠰᠣᠭᠠᠵᠤ ᠂ ᠬᠠᠷᠠᠬᠠᠨ ᠬᠤᠳᠠᠯᠳᠤᠭᠠᠳᠤᠶ ᠪᠠᠶᠢᠬᠤ ᠬᠡᠷᠡᠭᠲᠡᠶ ᠪᠥᠭᠡᠳ ᠶᠠᠮᠠᠷ ᠴᠤ ᠬᠡᠯᠪᠡᠷᠢ ᠪᠡᠷ ᠰᠢᠯᠵᠢᠭᠦᠯᠵᠦ ᠪᠣᠯᠬᠤ ᠦᠭᠡᠢ ᠲᠤᠰᠬᠠᠶ ᠠᠰᠢᠭ ᠤᠨ ᠦᠢᠯᠡᠳᠬᠦᠨ ᠪᠤᠶᠤ ᠲᠤᠰᠬᠠᠶ ᠠᠰᠢᠭ ᠤᠨ ᠠᠷᠭ᠎ᠠ ᠪᠠᠷ ᠰᠢᠭᠤᠳ ᠣᠯᠤᠭᠰᠠᠨ ᠦᠢᠯᠡᠳᠬᠦᠨ ;
( ᠳᠥᠷᠪᠡ ) ᠪᠣᠷᠣᠯᠠᠭᠤᠯᠬᠤ ᠪᠠᠷ ᠠᠮᠠᠯᠠᠭᠰᠠᠨ ᠲᠤᠰᠬᠠᠶ ᠠᠰᠢᠭ ᠤᠨ ᠦᠢᠯᠡᠳᠬᠦᠨ ᠪᠤᠶᠤ ᠲᠤᠰᠬᠠᠶ ᠠᠰᠢᠭ ᠤᠨ ᠠᠷᠭ᠎ᠠ ᠪᠠᠷ ᠰᠢᠭᠤᠳ ᠣᠯᠤᠭᠰᠠᠨ ᠦᠢᠯᠡᠳᠬᠦᠨ ᠲᠡᠭᠦᠨ ᠢ ᠵᠠᠷᠯᠢᠭᠳᠠᠵᠤ ᠪᠠᠶᠢᠭᠠᠳ ᠪᠤᠴᠠᠭᠠᠨ ᠠᠪᠬᠤ ᠪᠣᠷᠣᠯᠠᠭᠤᠯᠬᠤ ᠰᠠᠨᠠᠭᠠᠨ ᠤ ᠢᠯᠡᠳᠬᠡᠯᠲᠡ ᠪᠣᠯᠬᠤ ᠪᠥᠭᠡᠳ ᠶᠠᠮᠠᠷ ᠴᠤ ᠪᠣᠳᠠᠲᠤ ᠪᠣᠷᠣᠯᠠᠭᠤᠯᠬᠤ ᠦᠢᠯᠡ ᠠᠵᠢᠯᠯᠠᠭ᠎ᠠ ᠬᠢᠵᠦ ᠪᠣᠯᠬᠤ ᠤᠢᠭᠡᠢ ;
( ᠲᠠᠪᠤ ) ᠭᠠᠳᠠᠭᠠᠳᠤ ᠠᠴᠠ ᠣᠷᠣᠭᠤᠯᠤᠭᠰᠠᠨ ᠲᠤᠰᠬᠠᠶ ᠠᠰᠢᠭ ᠤᠨ ᠦᠢᠯᠡᠳᠬᠦᠨ ᠪᠤᠶᠤ ᠲᠤᠰᠬᠠᠶ ᠠᠰᠢᠭ ᠤᠨ ᠠᠷᠭ᠎ᠠ ᠪᠠᠷ ᠰᠢᠭᠤᠳ ᠣᠯᠤᠭᠰᠠᠨ ᠦᠢᠯᠡᠳᠬᠦᠨ ; ᠵᠠᠷᠯᠢᠭᠳᠠᠵᠤ ᠪᠠᠶᠢᠭᠠᠳ ᠡᠷᠬᠡ ᠳᠦ ᠬᠠᠯᠳᠠᠭᠰᠠᠨ ᠬᠥᠮᠦᠨ ᠨᠢ ᠲᠤᠰ ᠦᠢᠯᠡᠳᠬᠦᠨ ᠢ ᠬᠡᠷᠡᠭᠯᠡᠵᠦ ᠪᠣᠯᠬᠤ ᠦᠭᠡᠢ ᠂ ᠡᠰᠡᠬᠦᠯ᠎ᠡ ᠶᠠᠮᠠᠷᠪᠠ ᠠᠷᠭ᠎ᠠ ᠮᠠᠶ᠋ᠢᠭ ᠢᠶᠠᠷ ᠰᠢᠯᠵᠢᠭᠦᠯᠦᠨ .ᠳᠡᠭᠡᠷ᠎ᠡ ᠳᠤᠷᠠᠳᠤᠭᠰᠠᠨ ᠠᠷᠭ᠎ᠠ ᠮᠠᠶ᠋ᠢᠭ ᠡᠷᠬᠡ ᠳᠦ ᠬᠠᠯᠳᠠᠭᠰᠠᠨ ᠦᠢᠯᠡ ᠠᠵᠢᠯᠯᠠᠭ᠎ᠠ ᠶᠢ ᠬᠣᠷᠢᠭᠯᠠᠵᠤ ᠳᠡᠶᠢᠯᠬᠦ ᠥᠬᠡᠶ ᠶᠤᠮ ᠂ ᠡᠷᠬᠡ ᠳᠦ ᠬᠠᠯᠳᠠᠭᠴᠢ ᠶᠢ ᠵᠠᠷᠯᠢᠭᠳᠠᠵᠤ ᠪᠠᠶᠢᠭᠠᠳ ᠤᠰᠠᠳᠬᠠᠬᠤ ᠪᠤᠶᠤ ᠵᠠᠳᠠᠯᠵᠤ ᠴᠤᠴᠠᠯᠬᠤ ᠡᠷᠬᠡ ᠳᠦ ᠬᠠᠯᠳᠠᠭᠰᠠᠨ ᠦᠢᠯᠡᠳᠬᠦᠨ ᠪᠣᠯᠬᠤ ᠶᠤᠮ ᠃
     ᠠᠷᠪᠠᠨ ᠨᠠᠶᠮᠠᠳᠤᠭᠠᠷ ᠵᠦᠢᠯ   ᠲᠤᠬᠠᠶ ᠶᠢᠨ ᠬᠥᠮᠦᠨ ᠨᠢ ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠳᠠ ᠟ᠢᠢᠨ ᠲᠤᠰᠬᠠᠶ ᠠᠰᠢᠭ ᠢ ᠬᠠᠮᠢᠶᠠᠷᠬᠤ ᠰᠠᠯᠠᠭ᠎ᠠ ᠮᠥᠴᠢᠷ ᠨᠢ ᠳᠤᠰ ᠠᠷᠭ᠎ᠠ ᠟ᠢᠢᠨ ᠠᠷᠪᠠᠨ ᠳᠣᠯᠣᠳᠤᠭᠠᠷ ᠵᠦᠢᠯ ᠦᠨ ᠲᠣᠭᠲᠠᠭᠠᠯ ᠭᠠᠷᠭᠠᠭᠰᠠᠨ ᠡᠷᠬᠡᠨ ᠳᠦ ᠬᠠᠯᠳᠠᠭᠰᠠᠨ ᠠᠵᠢᠯᠯᠠᠭ᠎ᠠ ᠶᠢ ᠨᠢ ᠵᠣᠭᠰᠣᠭᠠᠯᠭᠠᠬᠤ ᠪᠠᠷ ᠵᠠᠷᠯᠢᠭᠳᠠᠵᠤ ᠪᠠᠶᠢᠭᠠᠳ ᠲᠣᠭᠲᠠᠭᠠᠯ ᠢ ᠵᠥᠪᠰᠢᠶᠡᠷᠡᠬᠦ ᠤᠢᠭᠡᠢ ᠪᠣᠯ ᠂ ᠥᠪᠡᠷ ᠢᠶᠡᠨ ᠲᠣᠭᠲᠠᠭᠠᠯ ᠤᠨ ᠪᠢᠴᠢᠭ ᠢ ᠣᠯᠤᠭᠰᠠᠨ ᠤ ᠳᠠᠷᠠᠭᠠᠬᠢ ᠠᠷᠪᠠᠨ ᠲᠠᠪᠤᠨ ᠡᠳᠦᠷ ᠦᠨ ᠳᠣᠲᠣᠷ᠎ᠠ ᠬᠠᠤᠯᠢ ᠶᠣᠰᠣᠭᠠᠷ ᠠᠷᠠᠳ ᠤᠨ ᠰᠢᠭᠦᠬᠦ ᠬᠣᠷᠢᠶᠠᠨ ᠳᠤ ᠵᠡᠭᠠᠯᠳᠦᠵᠦ ᠪᠣᠯᠤᠨ᠎ᠠ ; ᠡᠷᠬᠡ ᠳᠦ ᠬᠠᠯᠳᠠᠭᠰᠠᠨ ᠬᠥᠮᠦᠨ ᠨᠢ ᠬᠤᠭᠤᠴᠠᠭ᠎ᠠ ᠳᠠᠭᠤᠰᠲᠠᠯ᠎ᠠ ᠵᠡᠭᠠᠯᠳᠦᠬᠤ ᠤᠢᠭᠡᠢ ᠮᠥᠷᠲᠡᠭᠡᠨ ᠡᠷᠬᠡ ᠳᠦ ᠬᠠᠯᠳᠠᠬᠤ ᠤᠢᠢᠯᠠ ᠠᠵᠢᠯᠯᠠᠭ᠎ᠠ ᠪᠠᠨ ᠵᠣᠭᠰᠣᠭᠠᠬᠤ ᠤᠢᠭᠡᠢ ᠂ ᠥᠪᠡᠷᠲᠡᠭᠡᠨ ᠵᠠᠰᠠᠬᠤ ᠣᠷᠣᠨ , ᠠᠶᠢᠮᠠᠭ ᠬᠤᠳᠠ ᠟ᠢᠢᠨ ᠲᠤᠰᠬᠠᠶ ᠠᠰᠢᠭ ᠢ ᠬᠠᠮᠢᠶᠠᠷᠬᠤ ᠰᠠᠯᠠᠭ᠎ᠠ ᠮᠥᠴᠢᠷ ᠡᠴᠡ ᠠᠯᠪᠡᠳᠡᠠ ᠭᠦᠢᠴᠡᠳᠬᠡᠭᠦᠯᠬᠦ ᠪᠡᠷ ᠠᠷᠠᠳ ᠤᠨ ᠰᠢᠭᠦᠬᠦ ᠬᠣᠷᠢᠶᠠᠨ ᠳᠤ ᠭᠤᠶᠤᠴᠢᠯᠠᠵᠤ ᠪᠣᠯᠤᠨ᠎ᠠ ᠃

 ᠳᠥᠷᠪᠡᠳᠦᠭᠡᠷ ᠪᠦᠯᠦᠭ   ᠪᠤᠰᠤᠳ ᠤᠨ ᠲᠤᠰᠬᠠᠶ ᠠᠰᠢᠭ ᠢ ᠬᠠᠭᠤᠷᠮᠡᠬᠴᠢᠯᠡᠠ ᠠᠰᠢᠭᠯᠠᠭᠰᠠᠨ ᠪᠠ ᠪᠣᠯᠭᠠᠨ ᠬᠠᠭᠤᠷᠮᠠᠭᠯᠠᠨ ᠣᠷᠣᠯᠠᠭᠤᠯᠤᠭᠰᠠᠨ ᠦᠢᠯᠡ ᠠᠵᠢᠯᠯᠠᠭ᠎ᠠ ᠟ᠢᠶ ᠪᠠᠶᠢᠴᠠᠭᠠᠨ ᠰᠢᠶᠳᠪᠦᠷᠢᠯᠡᠬᠦ
     ᠠᠷᠪᠠ ᠶᠢᠰᠦᠳᠦᠭᠡᠷ ᠵᠦᠢᠯ   ᠶᠠᠮᠠᠷᠪᠠ ᠨᠢᠭᠡᠴᠢ ᠪᠤᠶᠤ ᠬᠤᠪᠢ ᠬᠥᠮᠦᠨ ᠪᠤᠰᠤᠳ ᠤᠨ ᠲᠤᠰᠬᠠᠶ ᠠᠰᠢᠭ ᠢ ᠬᠠᠭᠤᠷᠮᠠᠭᠯᠠᠨ ᠬᠡᠷᠡᠭᠯᠡᠵᠦ ᠂ ᠪᠣᠯᠭᠠᠨ ᠬᠠᠭᠤᠷᠮᠠᠭᠯᠠᠨ ᠣᠷᠣᠯᠠᠭᠤᠯᠤᠭᠰᠠᠨ ᠪᠤᠶᠤ ᠪᠤᠰᠤᠳ ᠤᠨ ᠲᠤᠰᠬᠠᠶ ᠠᠰᠢᠭ ᠢ ᠬᠠᠭᠤᠷᠮᠠᠭᠯᠠᠨ ᠬᠡᠷᠡᠭᠯᠡᠭᠡᠳ ᠪᠣᠯᠭᠠᠨ ᠬᠠᠭᠤᠷᠮᠠᠭᠯᠠᠭᠰᠠᠨ ᠪᠠᠶᠢᠪᠠᠯ ᠦᠢᠯᠡᠳᠪᠦᠷᠢᠯᠡᠯ ᠡᠵᠡᠩᠨᠡᠯᠲᠡ ᠶᠢᠨ ᠲᠦᠬᠦᠮ ᠦᠵᠡᠭᠦᠯᠬᠦ ᠬᠡᠷᠡᠭᠲᠡᠶ ᠃
     ᠬᠣᠷᠢᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠳᠠ ᠟ᠢᠢᠨ ᠲᠤᠰᠬᠠᠶ ᠠᠰᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠵᠦ ᠂ ᠪᠤᠰᠤᠳ ᠤᠨ ᠲᠤᠰᠬᠠᠶ ᠠᠰᠢᠭ ᠢ ᠬᠠᠭᠤᠷᠮᠠᠭᠯᠠᠨ ᠬᠡᠷᠡᠭᠯᠡᠭᠡᠳ ᠪᠣᠯᠭᠠᠨ ᠬᠠᠭᠤᠷᠮᠠᠭᠯᠠᠨ ᠣᠷᠣᠯᠠᠭᠤᠯᠤᠭᠰᠠᠨ ᠵᠢᠴᠢ ᠪᠤᠰᠤᠳ ᠤᠨ ᠲᠤᠰᠬᠠᠶ ᠠᠰᠢᠭ ᠢ ᠬᠠᠭᠤᠷᠮᠠᠭᠯᠠᠨ ᠬᠡᠷᠡᠭᠯᠡᠵᠦ ᠂ ᠦᠢᠯᠡᠳᠪᠦᠷᠢᠯᠡᠯ ᠡᠵᠡᠩᠨᠡᠯᠲᠡ ᠶᠢᠨ ᠳᠥᠭᠥᠮ ᠪᠣᠯᠭᠠᠨ ᠬᠠᠭᠤᠷᠮᠠᠭᠯᠠᠭᠰᠠᠨ ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ ᠃
    ᠬᠣᠷᠢᠨ ᠨᠢᠭᠡᠳᠦᠭᠡᠷ ᠵᠦᠢᠯ   ᠶᠠᠮᠠᠷᠪᠠ ᠨᠢᠭᠡᠴᠢ ᠪᠠ ᠬᠤᠪᠢ ᠬᠥᠮᠦᠨ ᠬᠠᠭᠤᠷᠮᠠᠭᠯᠠᠨ ᠬᠡᠷᠡᠭᠯᠡᠭᠰᠡᠨ ᠪᠠ ᠪᠣᠯᠭᠠᠨ ᠬᠠᠭᠤᠷᠮᠠᠭᠯᠠᠨ ᠣᠷᠣᠯᠠᠭᠤᠯᠤᠭᠰᠠᠨ ᠦᠢᠯᠡ ᠠᠵᠢᠯᠯᠠᠭ᠎ᠠ  ᠶᠢ ᠢᠯᠡᠴᠢᠯᠡᠨ ᠵᠠᠭᠠᠯᠳᠤᠬᠤ ᠡᠷᠬᠡ ᠲᠡᠶ ᠃
    ᠥᠪᠡᠷᠲᠡᠭᠡᠨ ᠵᠠᠰᠠᠬᠤ ᠣᠷᠣᠨ , ᠠᠶᠢᠮᠠᠭ ᠬᠤᠳᠠ ᠟ᠢᠢᠨ ᠲᠤᠰᠬᠠᠶ ᠠᠰᠢᠭ ᠢ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠶ ᠠᠰᠢᠭ ᠤᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠪᠤᠶᠤ ᠲᠤᠰᠬᠠᠶ ᠠᠰᠢᠭ ᠤᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠶᠢ ᠣᠯᠵᠤ ᠮᠡᠳᠡᠪᠡᠯ ᠳᠠᠷᠠᠭ᠎ᠠ ᠂ ᠪᠠᠶᠢᠪᠠᠯ ᠂ ᠲᠤᠯᠤᠭᠠᠨ ᠡᠳᠦᠷ ᠦᠨ ᠳᠣᠲᠣᠷ᠎ᠠ ᠬᠡᠷᠡᠭ ᠪᠣᠯᠭᠠᠨ ᠥᠭᠬᠦ ᠡᠰᠡᠬᠦ ᠶᠢᠨ ᠲᠤᠬᠠᠶ ᠲᠣᠭᠲᠠᠭᠠᠯ ᠭᠠᠷᠭᠠᠬᠤ ᠬᠡᠷᠡᠭᠲᠡᠶ ᠃
    ᠬᠣᠷᠢᠨ ᠬᠣᠶᠠᠳᠤᠭᠠᠷ ᠵᠦᠢᠯ   ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠶ ᠠᠰᠢᠭ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ ᠦᠢ᠎ᠡ ᠳᠦ ᠂ ᠳᠣᠣᠷ᠎ᠠ ᠵᠢᠭᠰᠠᠭᠠᠭᠰᠠᠨ ᠡᠷᠬᠡ ᠲᠤᠰᠢᠶᠠᠯ ᠤᠳ ᠢ ᠬᠡᠷᠡᠭᠵᠢᠭᠦᠯᠵᠦ ᠪᠣᠯᠤᠨ᠎ᠠ ᠄
( ᠨᠢᠭᠡ ) ᠲᠤᠬᠠᠶ ᠶᠢᠨ ᠬᠥᠮᠦᠨ ᠪᠠ ᠭᠡᠷᠡᠴᠢᠯᠡᠭᠴᠢ ᠶᠢ ᠯᠠᠪᠯᠠᠨ ᠠᠰᠠᠭᠤᠬᠤ ;
( ᠬᠣᠶᠠᠷ ) ᠪᠠᠶᠢᠴᠠᠭᠠᠨ ᠦᠵᠡᠬᠦ ᠂ ᠪᠠᠭᠤᠯᠭᠠᠬᠤ ᠬᠡᠷᠡᠭ ᠲᠦ ᠬᠣᠯᠪᠣᠭᠳᠠᠬᠤ ᠭᠡᠷ᠎ᠡ ᠂ ᠲᠡᠡᠭᠰᠠ , ᠳᠡᠮᠳᠡᠭ ᠵᠡᠷᠭᠡ ᠮᠠᠲ᠋ᠧᠷᠢᠶᠠᠯ ;
( ᠭᠤᠷᠪᠠ ) ᠲᠤᠬᠠᠶ ᠶᠢᠨ ᠭᠠᠵᠠᠷ ᠲᠤᠨᠢ ᠬᠠᠶᠢᠨ ᠰᠢᠯᠭᠠᠵᠤ ᠪᠠᠶᠢᠴᠠᠭᠠᠭᠰᠠᠨ ᠂ ᠳᠦᠷᠰᠦ ᠰᠢᠩᠭᠡᠭᠡᠬᠦ ᠪᠠ ᠲᠤᠰᠬᠠᠶ ᠠᠰᠢᠭ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠣᠯᠪᠣᠭᠳᠠᠯ ᠪᠦᠬᠦᠢ ᠡᠳ᠋ ᠪᠣᠳᠠᠰ ᠪᠠ ᠲᠥᠬᠥᠭᠡᠷᠦᠮᠵᠢ ;
( ᠳᠦᠷᠪᠡ ) ᠬᠡᠷᠡᠴᠢ ᠪᠠᠷᠢᠮᠲᠠ ᠴᠤᠭᠯᠠᠭᠤᠯᠬᠤ ᠬᠡᠷᠡᠭᠴᠡᠭᠡ ᠡᠴᠡ ᠦᠯᠢᠭᠡᠷ ᠠᠪᠴᠤ ᠭᠡᠷᠡᠴᠢ ᠠᠪᠬᠤ ;
( ᠲᠠᠪᠤ ) ᠬᠡᠷᠡᠭᠴᠡᠭᠡ ᠪᠡᠨ ᠦᠨᠳᠦᠰᠦᠯᠡᠨ ᠬᠡᠷᠡᠭ ᠲᠦ ᠬᠣᠯᠪᠣᠭᠳᠠᠬᠤ ᠤᠰᠠᠳᠤᠨ ᠠᠷᠢᠯᠵᠤ ᠮᠡᠳᠡᠬᠦ ᠪᠤᠶᠤ ᠬᠣᠵᠢᠮ ᠣᠯᠳᠠᠬᠤ ᠳᠤ ᠪᠡᠷᠬᠡᠲᠡᠶ ᠂ ᠭᠡᠷᠡᠴᠢᠯᠡᠬᠦ ᠡᠳ᠋ ᠪᠣᠳᠠᠰ ᠢ ᠦᠯᠢᠭᠡᠷ ᠠᠪᠴᠤ ᠴᠢᠳᠠᠬᠤ ᠦᠭᠡᠢ ᠂ ᠲᠡᠡᠭᠰᠡᠯᠡᠠ ᠬᠠᠳᠠᠭᠠᠯᠠᠬᠤ ᠬᠡᠷᠡᠭᠲᠡᠶ ᠃
     ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ᠡᠴᠡ ᠬᠠᠤᠯᠢ ᠶᠣᠰᠣᠭᠠᠷ ᠬᠡᠷᠡᠭᠵᠢᠭᠦᠯᠵᠦ ᠂ ᠳᠡᠭᠡᠷ᠎ᠡ ᠳᠤᠷᠠᠳᠤᠭᠰᠠᠨ ᠲᠣᠭᠲᠠᠭᠠᠯ ᠢ ᠡᠷᠬᠡ ᠲᠤᠰᠢᠶᠠᠯ ᠢᠶᠠᠨ ᠬᠡᠷᠡᠭᠵᠢᠭᠦᠯᠬᠦ ᠳᠡᠭᠡᠨ ᠂ ᠬᠣᠯᠪᠣᠭᠳᠠᠯ ᠪᠦᠬᠦᠢ ᠨᠢᠭᠡᠴᠢ ᠂ ᠬᠤᠪᠢ ᠬᠥᠮᠦᠨ ᠬᠠᠮᠵᠢᠯᠴᠠᠬᠤ ᠬᠡᠷᠡᠭᠲᠡᠶ ᠂ ᠂ ᠲᠠᠲᠠᠭᠠᠯᠵᠠᠬᠤ ᠪᠤᠶᠤ ᠬᠠᠷᠰᠢᠯᠠᠵᠤ ᠪᠣᠯᠬᠤ ᠤᠢᠭᠡᠢ ᠂ ᠬᠠᠭᠤᠷᠮᠠᠭᠯᠠᠨ ᠵᠣᠬᠢᠶᠠᠵᠤ ᠪᠣᠯᠬᠤ ᠦᠭᠡᠶ ᠂ ᠰᠢᠯᠵᠢᠭᠦᠯᠵᠦ ᠪᠣᠯᠬᠤ ᠤᠣ , ᠭᠡᠷᠡᠴᠢ ᠪᠠᠷᠢᠮᠲᠠ ᠶᠢ ᠰᠦᠢᠳᠬᠡᠬᠦ .
     ᠬᠣᠷᠢᠨ ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠳᠠ ᠟ᠢᠢᠨ ᠲᠤᠰᠬᠠᠶ ᠠᠰᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠦᠨ ᠪᠠᠶᠢᠴᠠᠭᠠᠨ ᠰᠢᠶᠳᠪᠦᠷᠢᠯᠡᠵᠦ ᠂ ᠪᠤᠰᠤᠳ ᠤᠨ ᠲᠤᠰᠬᠠᠶ ᠠᠰᠢᠭ ᠢ ᠬᠠᠭᠤᠷᠮᠠᠭᠯᠠᠨ ᠬᠡᠷᠡᠭᠯᠡᠭᠡᠳ ᠤᠢᠢᠯᠠ ᠠᠵᠢᠯᠯᠠᠭ᠎ᠠ ᠪᠠᠶᠢᠬᠤ ᠶᠢ ᠣᠯᠵᠤ ᠮᠡᠳᠡᠪᠡᠯ ᠂ ᠦᠢᠯᠡ ᠪᠠᠶᠢᠳᠠᠯ ᠨᠢ ᠬᠦᠨᠳᠦ ᠨᠣᠴᠢᠲᠠᠶ ᠂ ᠬᠡᠷᠡᠭ ᠲᠦ ᠬᠣᠯᠪᠣᠭᠳᠠᠭᠰᠠᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠂ ᠴᠠᠭ ᠲᠤᠬᠠᠶ ᠳᠤᠨᠢ ᠬᠣᠯᠪᠣᠭᠳᠠᠯ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠮᠢᠶᠠᠷᠬᠤ ᠡᠷᠬᠡ ᠲᠡᠶ ᠃ ᠪᠤᠰᠤᠳ ᠤᠨ ᠲᠤᠰᠬᠠᠶ ᠠᠰᠢᠭ ᠢ ᠬᠠᠭᠤᠷᠮᠠᠭᠯᠠᠨ ᠬᠡᠷᠡᠭᠯᠡᠭᠡᠳ ᠬᠡᠷᠡᠭ ᠲᠦ ᠳᠣᠣᠷᠠᠬᠢ ᠪᠠᠶᠢᠳᠠᠯ ᠤᠳ ᠤᠨ ᠨᠢᠭᠡ ᠨᠢ ᠪᠠᠶᠢᠪᠠᠯ ᠂ ᠥᠪᠡᠷᠲᠡᠭᠡᠨ ᠵᠠᠰᠠᠬᠤ ᠣᠷᠣᠨ , ᠠᠶᠢᠮᠠᠭ ᠬᠤᠳᠠ ᠟ᠢᠢᠨ ᠲᠤᠰᠬᠠᠶ ᠠᠰᠢᠭ ᠢ ᠬᠠᠮᠢᠶᠠᠷᠬᠤ ᠰᠠᠯᠠᠭ᠎ᠠ ᠮᠥᠴᠢᠷ ᠦᠳ ᠬᠠᠮᠢᠶᠠᠷᠬᠤ ᠡᠷᠬᠡ ᠲᠡᠶ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠢᠶᠳᠪᠦᠷᠢᠯᠡᠬᠦ ᠬᠡᠷᠡᠭᠲᠡᠶ ᠄
(  ᠨᠢᠭᠡ) ᠬᠠᠤᠯᠢ ᠪᠤᠰᠤ ᠪᠠᠷ ᠡᠵᠡᠩᠨᠡᠭᠰᠡᠨ ᠲᠣᠭ᠎ᠠ ᠨᠢ ᠬᠣᠷᠢᠨ ᠲᠦᠮᠡᠨ ᠲᠥᠭᠥᠷᠢᠭ ᠡᠴᠡ ᠳᠡᠭᠡᠭᠰᠢ ᠪᠤᠶᠤ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠢᠨ ᠲᠣᠭ᠎ᠠ ᠨᠢ ᠠᠷᠪᠠᠨ ᠲᠦᠮᠡᠨ ᠲᠥᠭᠥᠷᠢᠭ ᠡᠴᠡ ᠳᠡᠭᠡᠭᠰᠢ ᠪᠠᠶᠢᠬᠤ ;
( ᠬᠣᠶᠠᠷ ) ᠲᠤᠰᠬᠠᠶ ᠠᠰᠢᠭ ᠤᠨ ᠡᠷᠬᠡᠲᠦ ᠬᠥᠮᠦᠨ ᠳᠦ ᠰᠢᠭᠤᠳ ᠤᠴᠠᠷᠠᠭᠤᠯᠤᠭᠰᠠᠨ ᠠᠵᠤ ᠠᠬᠤᠶ ᠶᠢᠨ ᠬᠣᠬᠢᠷᠠᠯ ᠤᠴᠠᠷᠠᠭᠤᠯᠤᠭᠰᠠᠨ ᠲᠣᠭ᠎ᠠ ᠬᠡᠮᠵᠢᠶ᠎ᠡ ᠨᠢ ᠲᠠᠪᠢᠨ ᠲᠦᠮᠡᠨ ᠲᠥᠭᠥᠷᠢᠭ ᠡᠴᠡ ᠳᠡᠭᠡᠭᠰᠢ ᠪᠠᠶᠢᠬᠤ ;
( ᠭᠤᠷᠪᠠ ) ᠪᠤᠰᠤᠳ ᠤᠨ ᠬᠣᠶᠠᠷ ᠠᠴᠠ ᠳᠡᠭᠡᠭᠰᠢ ᠵᠦᠢᠯ ᠦᠨ ᠲᠤᠰᠬᠠᠶ ᠠᠰᠢᠭ ᠢ ᠬᠠᠭᠤᠷᠮᠠᠭᠯᠠᠨ ᠬᠡᠷᠡᠭᠯᠡᠵᠦ ᠂ ᠬᠠᠤᠯᠢ ᠪᠤᠰᠤ ᠪᠠᠷ ᠡᠵᠡᠩᠨᠡᠭᠰᠡᠨ ᠲᠣᠭ᠎ᠠ ᠨᠢ ᠠᠷᠪᠠᠨ ᠲᠦᠮᠡᠨ ᠲᠥᠭᠥᠷᠢᠭ ᠡᠴᠡ ᠳᠡᠭᠡᠭᠰᠢ ᠪᠠᠶᠢᠬᠤ ᠪᠤᠶᠤ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠢᠨ ᠲᠣᠭ᠎ᠠ ᠨᠢ ᠲᠠᠪᠤᠨ ᠲᠦᠮᠡᠨ ᠲᠥᠭᠥᠷᠢᠭ ᠡᠴᠡ ᠳᠡᠭᠡᠭᠰᠢ ᠪᠠᠶᠢᠬᠤ ;
( ᠲᠦᠷᠪᠡ ) ᠦᠢᠯᠡ ᠪᠠᠶᠢᠳᠠᠯ ᠨᠢ ᠬᠦᠨᠳᠦ ᠨᠣᠴᠢᠲᠠᠶ ᠪᠤᠰᠤᠳ ᠪᠠᠶᠢᠳᠠᠯ .
      ᠲᠠᠪᠤᠳᠤᠭᠠᠷ ᠪᠦᠯᠦᠭ   ᠬᠠᠤᠯᠢ ᠶᠢᠨ ᠬᠠᠷᠢᠭᠤᠴᠠᠯᠭ᠎ᠠ
      ᠬᠣᠷᠢᠨ ᠳᠥᠷᠪᠡᠳᠦᠭᠡᠷ ᠵᠦᠢᠯ   ᠪᠤᠰᠤᠳ ᠤᠨ ᠲᠤᠰᠬᠠᠶ ᠠᠰᠢᠭ ᠢ ᠬᠠᠭᠤᠷᠮᠠᠭᠯᠠᠨ ᠬᠡᠷᠡᠭᠯᠡᠵᠦ ᠂ ᠬᠠᠤᠯᠢ ᠶᠣᠰᠣᠭᠠᠷ ᠢᠷᠭᠡᠨ ᠦ ᠬᠡᠷᠡᠭ ᠦᠨ ᠬᠠᠷᠢᠭᠤᠴᠠᠯᠭ᠎ᠠ ᠶᠢ ᠡᠭᠦᠷᠭᠡᠯᠡᠭᠦᠯᠬᠦ ᠡᠴᠡ ᠭᠠᠳᠠᠨ᠎ᠠ ᠂ ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ᠡᠴᠡ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠵᠤ ᠂ ᠬᠠᠤᠯᠢ ᠠᠴᠠ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠬᠤ , ᠰᠢᠳᠬᠡᠵᠦ ᠂ ᠬᠠᠤᠯᠢ ᠪᠤᠰᠤ ᠣᠯᠵᠠᠪᠤᠷᠢ ᠶᠢᠨ ᠭᠤᠷᠪᠠᠨ ᠳᠠᠬᠢᠨ ᠠᠴᠠ ᠳᠣᠭᠣᠭᠰᠢ ᠵᠣᠭᠣᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ ᠂ ᠬᠠᠤᠯᠢ ᠪᠤᠰᠤ ᠣᠷᠣᠯᠭ᠎ᠠ ᠣᠯᠤᠭᠰᠠᠨ ᠦᠭᠡᠶ ᠂ ᠨᠢ ᠬᠤᠷᠢᠶᠡᠠ ᠠᠪᠴᠤ ᠂ ᠲᠠᠪᠤᠨ ᠲᠦᠮᠡᠨ ᠲᠥᠭᠥᠷᠢᠭ ᠡᠴᠡ ᠳᠣᠭᠣᠭᠰᠢ ᠵᠣᠭᠣᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ ; ᠤᠢᠢᠯᠠ ᠪᠠᠶᠢᠳᠠᠯ ᠨᠢ ᠬᠦᠨᠳᠦ ᠨᠣᠴᠢᠲᠠᠶ ᠂ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠂ ᠰᠢᠯᠵᠢᠭᠦᠯᠦᠨ ᠬᠦᠷᠭᠡᠭᠰᠡᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠡᠴᠡ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃
      ᠬᠣᠷᠢᠨ ᠲᠠᠪᠤᠳᠤᠭᠠᠷ ᠵᠦᠢᠯ   ᠲᠤᠰᠬᠠᠶ ᠠᠰᠢᠭ ᠤᠨ ᠦᠢᠯᠡᠳᠬᠦᠨ ᠪᠣᠯᠭᠠᠨ ᠬᠠᠭᠤᠷᠮᠠᠭᠯᠠᠵᠤ ᠂ ᠲᠤᠰᠬᠠᠶ ᠠᠰᠢᠭ ᠤᠨ ᠪᠤᠰᠤ ᠦᠢᠯᠡᠳᠬᠦᠨ ᠢ ᠂ ᠪᠣᠯᠭᠠᠭᠰᠠᠨ ᠲᠤᠰᠬᠠᠶ ᠠᠰᠢᠭ ᠤᠨ ᠪᠤᠰᠤ ᠠᠷᠭ᠎ᠠ ᠶᠢ ᠲᠤᠰᠬᠠᠶ ᠠᠰᠢᠭ ᠤᠨ ᠠᠷᠭ᠎ᠠ ᠭᠡᠵᠦ ᠬᠠᠭᠤᠷᠮᠠᠭᠯᠠᠨ ᠣᠷᠣᠯᠠᠭᠤᠯᠤᠭᠰᠠᠨ ᠪᠠᠶᠢᠪᠠᠯ ᠂ ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ᠡᠴᠡ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠵᠤ ᠂ ᠲᠠᠪᠤᠨ ᠲᠦᠮᠡᠨ ᠲᠥᠭᠥᠷᠢᠭ ᠡᠴᠡ ᠳᠣᠭᠣᠭᠰᠢ ᠵᠣᠭᠣᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ ᠃
      ᠬᠣᠷᠢᠨ ᠵᠢᠷᠭᠤᠳᠤᠭᠠᠷ ᠵᠦᠢᠯ   ᠪᠤᠰᠤᠳ ᠤᠨ ᠲᠤᠰᠬᠠᠶ ᠠᠰᠢᠭ ᠢ ᠬᠠᠭᠤᠷᠮᠠᠭᠯᠠᠨ ᠬᠡᠷᠡᠭᠯᠡᠵᠦ ᠂ ᠪᠣᠯᠭᠠᠨ ᠬᠠᠭᠤᠷᠮᠠᠭᠯᠠᠨ ᠣᠷᠣᠯᠠᠭᠤᠯᠤᠭᠰᠠᠨ ᠦᠢᠯᠡ ᠠᠵᠢᠯᠯᠠᠭ᠎ᠠ ᠲᠥᠬᠥᠭᠡᠷᠦᠮᠵᠢ ᠬᠠᠩᠭᠠᠵᠤ ᠂ ᠲᠠᠯᠠᠪᠤᠷ , ᠪᠡᠯᠡ ᠮᠥᠩᠭᠥ ᠵᠡᠷᠭᠡ ᠠᠯᠢᠪᠠ ᠲᠤᠢᠬᠦᠮ ᠨᠥᠬᠥᠴᠡᠯ ᠢ ᠂ ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ᠡᠴᠡ ᠰᠡᠷᠡᠮᠵᠢ ᠥᠭᠴᠦ ᠂ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠤᠨ᠎ᠠ ; ᠤᠢᠢᠯᠠ ᠪᠠᠶᠢᠳᠠᠯ ᠨᠢ ᠬᠦᠨᠳᠦ ᠨᠣᠴᠢᠲᠠᠶ ᠂ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠂ ᠰᠢᠯᠵᠢᠭᠦᠯᠦᠨ ᠬᠦᠷᠭᠡᠭᠰᠡᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠡᠴᠡ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃
      ᠬᠣᠷᠢᠨ ᠳᠣᠯᠣᠳᠤᠭᠠᠷ ᠵᠦᠢᠯ   ᠬᠣᠯᠪᠣᠭᠳᠠᠯ ᠪᠦᠬᠦᠢ ᠲᠤᠬᠠᠶ ᠶᠢᠨ ᠬᠥᠮᠦᠨ ᠨᠢ ᠬᠠᠩᠭᠠᠬᠤ ᠶᠢ ᠲᠡᠪᠴᠢᠭᠰᠡᠨ ᠪᠤᠶᠤ ᠨᠢᠭᠤᠨ ᠳᠠᠯᠳᠠᠯᠠᠵᠤ ᠂ ᠰᠢᠯᠵᠢᠭᠦᠯᠵᠦ ᠪᠣᠯᠬᠤ ᠤᠣ , ᠤᠰᠠᠳᠬᠠᠬᠤ ᠬᠡᠷᠡᠭ ᠲᠦ ᠬᠣᠯᠪᠣᠭᠳᠠᠬᠤ ᠡᠳ᠋ ᠪᠣᠳᠠᠰ ᠂ ᠭᠡᠷ᠎ᠡ , ᠲᠡᠡᠭᠰᠠ , ᠬᠥ᠋ᠬᠡ᠋ ᠵᠢᠷᠤᠭ , ᠮᠠᠲ᠋ᠧᠷᠢᠶᠠᠯ ᠂ ᠪᠤᠶᠤ ᠳᠤᠷ᠎ᠠ ᠪᠠᠷ ᠢᠶᠠᠨ ᠪᠢᠲᠡᠭᠦᠮᠵᠢ ᠨᠡᠭᠡᠭᠡᠬᠦ ᠂ ᠰᠢᠯᠵᠢᠭᠦᠯᠵᠦ ᠪᠣᠯᠬᠤ ᠤᠣ , ᠬᠠᠳᠠᠭᠠᠯᠠᠵᠤ ᠪᠤᠯᠬ ᠦᠭᠡᠢ ᠡᠳ᠋ ᠪᠣᠳᠠᠰ ᠢ ᠰᠢᠶᠳᠪᠦᠷᠢᠯᠡᠵᠦ ᠂ ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ᠡᠴᠡ ᠰᠡᠷᠡᠮᠵᠢ ᠥᠭᠴᠦ ᠂ ᠪᠠᠶᠢᠪᠠᠯ ᠵᠠᠷᠯᠢᠭᠳᠠᠨ ᠵᠠᠯᠠᠷᠠᠭᠤᠯᠤᠭᠤᠯᠤᠨ᠎ᠠ ᠃ ᠲᠡᠪᠴᠢᠬᠦ , ᠬᠠᠷᠰᠢᠯᠠᠭᠰᠠᠨ ᠪᠠᠶᠢᠪᠠᠯ ᠂ ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ᠲᠦ ᠠᠯᠪᠠᠨ ᠶᠠᠪᠤᠳᠠᠯ ᠭᠦᠢᠴᠡᠳᠬᠡᠵᠦ ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠡᠴᠡ 《 ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠬᠦ ᠳᠦᠷᠢᠮ 》  ᠦᠨ ᠲᠣᠭᠲᠠᠭᠠᠯ ᠢᠶᠠᠷ ᠰᠢᠳᠬᠡᠨ᠎ᠡ ; ᠤᠢᠢᠯᠠ ᠪᠠᠶᠢᠳᠠᠯ ᠨᠢ ᠬᠦᠨᠳᠦ ᠨᠣᠴᠢᠲᠠᠶ ᠂ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠂ ᠰᠢᠯᠵᠢᠭᠦᠯᠦᠨ ᠬᠦᠷᠭᠡᠭᠰᠡᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠡᠴᠡ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃
      ᠬᠣᠷᠢᠨ ᠨᠠᠶᠮᠠᠳᠤᠭᠠᠷ ᠵᠦᠢᠯ   ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠵᠢᠴᠢ ᠲᠡᠭᠦᠨ ᠦ ᠠᠵᠢᠯᠳᠠᠨ ᠬᠤᠳᠠᠯ ᠬᠠᠭᠤᠷᠮᠠᠭ ᠮᠡᠳᠡᠭᠦᠯᠦᠯᠲᠡ ᠂ ᠲᠤᠬᠠᠶ ᠶᠢᠨ ᠬᠥᠮᠦᠨ ᠲᠡᠶ ᠬᠤᠤᠪᠢᠯᠳᠤᠵᠤ ᠂ ᠵᠦᠢ ᠪᠤᠰᠤ ᠠᠰᠢᠭ ᠲᠤᠰᠠ ᠤᠯᠬᠤ ᠂ ᠬᠣᠬᠢᠷᠠᠯ ᠤᠴᠠᠷᠠᠭᠤᠯᠤᠭᠰᠠᠨ ᠪᠠᠶᠢᠪᠠᠯ ᠲᠤᠰᠬᠠᠶ ᠠᠰᠢᠭ ᠤᠨ ᠡᠷᠬᠡ ᠲᠡᠶ ᠬᠥᠮᠦᠨ ᠂ ᠪᠤᠰᠤᠳ ᠲᠤᠬᠠᠶ ᠶᠢᠨ ᠬᠥᠮᠦᠨ ᠦ ᠬᠠᠤᠯᠢ ᠶᠣᠰᠣᠨ ᠤ ᠡᠷᠬᠡ ᠠᠰᠢᠭ ᠪᠣᠯᠤᠨ ᠨᠡᠶᠢᠭᠡᠮ ᠨᠡᠶᠢᠲᠡ ᠶᠢᠨ ᠠᠰᠢᠭ ᠲᠤᠰᠠ ᠣᠯᠤᠭᠰᠠᠨ ᠪᠠᠶᠢᠪᠠᠯ ᠂ ᠲᠤᠰᠬᠠᠶ ᠠᠰᠢᠭ ᠤᠨ ᠠᠵᠢᠯ ᠢ ᠬᠠᠮᠢᠶᠠᠷᠬᠤ ᠰᠠᠯᠠᠭ᠎ᠠ ᠮᠥᠴᠢᠷ ᠡᠴᠡ ᠰᠡᠷᠡᠮᠵᠢ ᠥᠭᠴᠦ ᠂ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠤᠨ᠎ᠠ ; ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠂ 《 ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠵᠠᠯᠬᠠᠭᠠᠨ ᠴᠡᠭᠡᠷᠯᠡᠭᠦᠯᠬᠦ ᠲᠦᠷᠢᠮ 》  ᠦᠨ ᠰᠢᠳᠬᠡᠯ ᠥᠭᠭᠦᠨ᠎ᠡ ᠃
ᠵᠢᠷᠭᠤᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ
ᠬᠣᠷᠢ ᠶᠢᠰᠦᠳᠦᠭᠡᠷ ᠵᠦᠢᠯ   ᠲᠤᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠟ᠤ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ ᠃

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ