ᠲᠦᠷᠥ ᠶᠢᠨ ᠪᠣᠳᠤᠯᠭ᠎ᠠ ᠳᠦᠷᠢᠮ ᠲᠣᠭᠲᠠᠭᠠᠯ
ᠲᠤᠰᠬᠠᠶ ᠠᠰᠢᠭ ᠤᠨ ᠣᠷᠣᠯᠠᠯᠲᠠ ᠶᠢᠨ ᠳᠦ᠋ᠷᠢᠮ
2017.07.19 ᠲᠣᠰ ᠥᠷᠲᠡᠭᠡᠨ ᠦ ᠨᠠᠢᠷᠠᠭᠤᠯᠤᠭᠴᠢ

     ᠨᠢᠭᠡᠳᠦᠭᠡᠷ ᠪᠦᠯᠦᠭ   ᠶᠡᠷᠦᠩᠬᠡᠶ ᠲᠤᠢᠷᠢᠮ
      ᠨᠢᠭᠡᠳᠦᠭᠡᠷ ᠵᠦᠢᠯ   ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠵᠢᠴᠢ ᠨᠠᠶᠢᠳᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ ᠂ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠠᠵᠢᠯ ᠤᠨ ᠬᠡᠪ ᠦᠨ ᠡᠮᠬᠢ ᠵᠢᠷᠤᠮ ᠢ ᠬᠠᠮᠠᠭᠠᠯᠠᠬᠤ ᠬᠡᠷᠡᠭᠲᠡᠶ ᠂ ᠲᠤᠰ ᠲᠥᠷᠢᠮ ᠟ᠢ ᠲᠣᠭᠲᠠᠭᠠᠪᠠ ᠃
      ᠬᠣᠶᠠᠳᠤᠭᠠᠷ ᠵᠦᠢᠯ    ᠲᠤᠰ ᠳᠦᠷᠢᠮ ᠳᠦ ᠬᠡᠯᠡᠵᠦ ᠪᠠᠶᠢᠭ᠎ᠠ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠭᠡᠳᠡᠭ ᠨᠢ ᠲᠤᠰᠬᠠᠶ ᠠᠰᠢᠭ ᠤᠨ ᠣᠷᠣᠯᠠᠬᠤ ᠪᠠᠶᠢᠭᠤᠯᠤᠮᠵᠢ ᠳᠤ ᠨᠠᠶᠢᠳᠠᠭᠰᠠᠨ ᠬᠥᠮᠦᠨ ᠦ ᠨᠡᠷ᠎ᠡ ᠪᠡᠷ ᠂ ᠨᠢ ᠣᠷᠣᠯᠠᠬᠤ ᠡᠷᠬᠡ ᠶᠢᠨ ᠬᠡᠪᠴᠢᠶᠡᠨ ᠳᠣᠲᠣᠷ᠎ᠠ ᠂ ᠶᠣᠰᠣᠭᠠᠷ ᠲᠤᠰᠬᠠᠶ ᠠᠰᠢᠭ ᠤᠨ ᠭᠤᠶᠤᠴᠢᠯᠠᠯ ᠪᠤᠶᠤ ᠲᠤᠰᠬᠠᠶ ᠠᠰᠢᠭ ᠤᠨ ᠪᠤᠰᠤᠳ ᠠᠵᠢᠯ ᠬᠡᠷᠡᠭ ᠢ ᠰᠢᠶᠳᠪᠦᠷᠢᠯᠡᠨ᠎ᠡ ᠃
      ᠬᠣᠶᠠᠳᠤᠭᠠᠷ ᠪᠦᠯᠦᠭ   ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ
       ᠭᠤᠷᠪᠠᠳᠤᠭᠠᠷ ᠵᠦᠢᠯ   ᠲᠤᠰ ᠳᠦᠷᠢᠮ ᠳᠦ ᠬᠡᠯᠡᠵᠦ ᠪᠠᠶᠢᠭ᠎ᠠ ᠲᠤᠰᠬᠠᠶ ᠠᠰᠢᠭ ᠤᠨ ᠣᠷᠣᠯᠠᠬᠤ ᠪᠠᠶᠢᠭᠤᠯᠤᠮᠵᠢ ᠭᠡᠳᠡᠭ ᠨᠢ ᠨᠠᠶᠢᠳᠠᠭᠴᠢ ᠶᠢᠨ ᠨᠠᠶᠢᠳᠠᠯᠭ᠎ᠠ ᠶᠢ ᠬᠦᠯᠢᠶᠡᠵᠦ ᠂ ᠨᠠᠶᠢᠳᠠᠯᠭ᠎ᠠ ᠶᠢᠨ ᠡᠷᠬᠡ ᠶᠢᠨ ᠬᠡᠪᠴᠢᠶᠡᠨ ᠳᠣᠲᠣᠷ᠎ᠠ ᠶᠣᠰᠣᠭᠠᠷ ᠲᠤᠰᠬᠠᠶ ᠠᠰᠢᠭ ᠤᠨ ᠭᠤᠶᠤᠴᠢᠯᠠᠯ ᠪᠤᠶᠤ ᠲᠤᠰᠬᠠᠶ ᠠᠰᠢᠭ ᠤᠨ ᠪᠤᠰᠤᠳ ᠠᠵᠢᠯ ᠬᠡᠷᠡᠭ ᠢ ᠰᠢᠶᠳᠪᠦᠷᠢᠯᠡᠬᠦ ᠦᠢᠯᠡᠴᠢᠯᠡᠭᠡᠨ ᠦ ᠪᠠᠶᠢᠭᠤᠯᠤᠮᠵᠢ ᠪᠠᠭᠲᠠᠨ᠎ᠠ ᠃
     ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠪᠠᠭᠲᠠᠨ᠎ᠠ ᠄
( ᠨᠢᠭᠡ ) ᠭᠠᠳᠠᠭᠠᠳᠤ ᠳᠤ ᠬᠣᠯᠪᠣᠭᠳᠠᠬᠤ ᠲᠤᠰᠬᠠᠶ ᠠᠰᠢᠭ ᠤᠨ ᠶᠠᠪᠤᠳᠠᠯ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ;
( ᠬᠣᠶᠠᠷ ) ᠤᠯᠤᠰ ᠤᠨ ᠳᠣᠲᠣᠭᠠᠳᠤ ᠶᠢᠨ ᠲᠤᠰᠬᠠᠶ ᠠᠰᠢᠭ ᠤᠨ ᠬᠡᠷᠡᠭ ᠶᠠᠪᠤᠳᠠᠯ ᠢ ᠰᠢᠶᠳᠪᠦᠷᠢᠯᠡᠬᠦ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ;
( ᠭᠤᠷᠪᠠ ) ᠤᠯᠤᠰ ᠤᠨ ᠳᠣᠲᠣᠭᠠᠳᠤ ᠶᠢᠨ ᠲᠤᠰᠬᠠᠶ ᠠᠰᠢᠭ ᠤᠨ ᠶᠠᠪᠤᠳᠠᠯ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠃
      ᠳᠥᠷᠪᠡᠳᠦᠭᠡᠷ ᠵᠦᠢᠯ   ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠪᠠᠶᠢᠭᠤᠯᠤᠭᠳᠠᠭᠰᠠᠨ ᠨᠢ ᠡᠷᠬᠡᠪᠰᠢ ᠳᠣᠣᠷᠠᠬᠢ ᠨᠥᠬᠥᠴᠡᠯ ᠳᠦ ᠨᠡᠶᠢᠴᠡᠬᠦ ᠬᠡᠷᠡᠭᠲᠡᠶ ᠄
( ᠨᠢᠭᠡ ) ᠥᠪᠡᠷ ᠦᠨ ᠢᠶᠡᠨ ᠨᠡᠷᠡᠶᠢᠳᠦᠯ ᠲᠡᠶ , ᠲᠤᠢᠷᠢᠮ , ᠲᠣᠭᠲᠠᠮᠠᠯ ᠠᠵᠢᠯᠯᠠᠬᠤ ᠭᠠᠵᠠᠷ ᠲᠠᠶ ᠪᠠᠶᠢᠬᠤ ;
( ᠬᠣᠶᠠᠷ ) ᠴᠢᠬᠤᠯᠠ ᠪᠦᠬᠦᠢ ᠪᠡᠯᠡ ᠮᠥᠩᠭᠥ ᠪᠠ ᠠᠵᠢᠯ ᠤᠨ ᠲᠥᠬᠥᠭᠡᠷᠦᠮᠵᠢ ᠲᠡᠶ ᠪᠠᠶᠢᠬᠤ ;
( ᠭᠤᠷᠪᠠ ) ᠡᠳ᠋ ᠣᠨ ᠶᠠᠪᠤᠳᠠᠯ ᠣᠨ ᠲᠤᠰᠠᠭᠠᠷᠯᠠᠯ ᠂ ᠢᠷᠭᠡᠨ ᠦ ᠬᠡᠷᠡᠭ ᠦᠨ ᠬᠠᠷᠢᠭᠤᠴᠠᠯᠭ᠎ᠠ ᠶᠢ ᠪᠡᠶ᠎ᠡ ᠪᠡᠨ ᠳᠠᠭᠠᠭᠠᠵᠤ ᠡᠭᠦᠷᠭᠡᠯᠡᠵᠦ ᠴᠢᠳᠠᠬᠤ ᠵᠡᠷᠭᠡ ᠳᠥᠷᠪᠡᠨ ᠨᠥᠬᠥᠴᠡᠯ ᠢ ᠪᠦᠷᠢᠯᠳᠦᠭᠦᠯᠦᠨ᠎ᠡ ;
( ᠲᠦᠷᠪᠡ ) ᠭᠤᠷᠪᠠ ᠠᠴᠠ ᠳᠡᠭᠡᠭᠰᠢ ᠲᠤᠰᠬᠠᠶ ᠠᠰᠢᠭ ᠤᠨ ᠣᠷᠣᠯᠠᠭᠴᠢ ᠶᠢᠨ ᠬᠢᠷᠢ ᠬᠡᠮ ᠪᠦᠬᠦᠢ ᠳᠤᠮᠳᠠᠳᠤ ᠤᠯᠤᠰ ᠤᠨ ᠲᠤᠰᠬᠠᠶ ᠠᠰᠢᠭ ᠤᠨ ᠲᠣᠪᠴᠢᠶ᠎ᠠ ᠲᠤᠰᠬᠠᠶ ᠲᠤᠰᠢᠶᠠᠯᠲᠠᠨ ᠪᠠ ᠨᠡᠶᠢᠴᠡᠭᠰᠡᠨ ᠲᠣᠭᠲᠠᠭᠠᠭᠰᠠᠨ ᠬᠠᠷᠢᠴᠠᠯ ᠠᠴᠠ ᠲᠤᠰᠬᠠᠶ ᠠᠰᠢᠭ ᠤᠨ ᠣᠷᠣᠯᠠᠭᠴᠢ ᠶᠢᠨ ᠬᠢᠷᠢ ᠬᠡᠮ ᠪᠦᠬᠦᠢ ᠲᠤᠰᠢᠶᠠᠯ ᠬᠠᠪᠰᠤᠷᠭᠠᠭᠰᠠᠨ ᠠᠵᠢᠯᠳᠡᠠ ᠭᠠᠷᠭᠠᠵᠤ ᠪᠣᠯᠤᠨ᠎ᠠ ᠃
     ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠢ ᠲᠤᠰᠬᠠᠶ ᠠᠰᠢᠭ ᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠡᠷᠬᠢᠯᠡᠬᠦ ᠳᠦ ᠂ ᠡᠷᠬᠡᠪᠰᠢ ᠡᠮᠦᠨᠡᠬᠢ ᠪᠠᠳᠠᠭ ᠤᠨ ᠳᠥᠷᠪᠡᠳᠦᠭᠡᠷ ᠵᠤᠷᠪᠤᠰ ᠤᠨ ᠲᠣᠭᠲᠠᠭᠠᠯ ᠢ ᠲᠤᠰᠬᠠᠶ ᠲᠤᠰᠢᠶᠠᠯᠲᠤ ᠠᠵᠢᠯᠲᠠᠨ ᠃
     ᠲᠠᠪᠤᠳᠤᠭᠠᠷ ᠵᠦᠢᠯ   ᠲᠤᠰᠬᠠᠶ ᠠᠰᠢᠭ ᠢ ᠬᠠᠮᠢᠶᠠᠷᠬᠤ ᠪᠠᠶᠢᠭᠤᠯᠤᠯᠭ᠎ᠠ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠪᠠᠶᠢᠭᠤᠯᠬᠤ ᠪᠠᠷ ᠭᠤᠶᠤᠴᠢᠯᠠᠬᠤ ᠂ ᠳᠣᠣᠷ᠎ᠠ ᠵᠢᠭᠰᠠᠭᠠᠭᠰᠠᠨ ᠪᠢᠴᠢᠭ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠶ ᠄
( ᠨᠢᠭᠡ ) ᠪᠠᠶᠢᠭᠤᠯᠤᠭᠰᠠᠨ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠭᠤᠶᠤᠴᠢᠯᠠᠯ ᠤᠨ ᠪᠢᠴᠢᠭ ᠂ ᠲᠣᠳᠣᠷᠬᠠᠶ ᠪᠢᠴᠢᠬᠦ ᠶᠢᠨ ᠬᠠᠮᠲᠤ ᠲᠤᠰᠬᠠᠶ ᠠᠰᠢᠭ ᠤᠨ ᠣᠷᠣᠯᠠᠬᠤ ᠪᠠᠶᠢᠭᠤᠯᠤᠮᠵᠢ ᠶᠢᠨ ᠨᠡᠷᠡᠶᠢᠳᠦᠯ ᠂ ᠠᠵᠢᠯᠯᠠᠬᠤ ᠲᠠᠯᠠᠪᠤᠷ ᠂ ᠬᠠᠷᠢᠭᠤᠴᠠᠯᠭᠠᠲᠠᠨ ᠤ ᠤᠪᠦᠬ ᠨᠡᠷ᠎ᠡ ;
( ᠬᠣᠶᠠᠷ ) ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠲᠤᠢᠷᠢᠮ ;
( ᠭᠤᠷᠪᠠ ) ᠲᠤᠰᠬᠠᠶ ᠠᠰᠢᠭ ᠤᠨ ᠣᠷᠣᠯᠠᠭᠴᠢ ᠶᠢᠨ ᠤᠪᠤᠭ ᠨᠡᠷ᠎ᠡ ᠵᠢᠴᠢ ᠲᠡᠭᠦᠨ ᠦ ᠬᠢᠷᠢ ᠬᠡᠮ ᠦᠨ ᠦᠨᠡᠮᠯᠡᠯ ᠢ ᠣᠯᠤᠭᠰᠠᠨ ;
( ᠳᠥᠷᠪᠡ ) ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠪᠡᠯᠡ ᠮᠥᠩᠭᠥ ᠪᠠ ᠲᠥᠬᠥᠭᠡᠷᠦᠮᠵᠢ ᠶᠢᠨ ᠪᠠᠶᠢᠳᠠᠯ ᠢ ᠬᠡᠷᠡᠴᠢ ᠪᠠᠷᠢᠮᠲᠠ ᠪᠠᠶᠢᠬᠤ ᠬᠡᠷᠡᠭᠲᠡᠶ ᠃
     ᠵᠢᠷᠭᠤᠳᠤᠭᠠᠷ ᠵᠦᠢᠯ   ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠪᠠᠶᠢᠭᠤᠯᠬᠤ ᠪᠠᠷ ᠭᠤᠶᠤᠴᠢᠯᠠᠬᠤ ᠂ ᠤᠯᠤᠰ ᠤᠨ ᠳᠣᠲᠣᠭᠠᠳᠤ ᠶᠢᠨ ᠲᠤᠰᠬᠠᠶ ᠠᠰᠢᠭ ᠤᠨ ᠬᠡᠷᠡᠭ ᠶᠠᠪᠤᠳᠠᠯ ᠢ ᠭᠦᠢᠴᠡᠳᠬᠡᠬᠦ ᠬᠡᠷᠡᠭᠲᠡᠶ ᠂ ᠪᠤᠶᠤ ᠲᠤᠰᠬᠠᠶ ᠠᠰᠢᠭ ᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠡᠷᠬᠢᠯᠡᠬᠦ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠭᠤᠶᠤᠴᠢᠯᠠᠯ ᠭᠠᠷᠭᠠᠵᠤ ᠂ ᠪᠠᠶᠢᠪᠠᠯ ᠂ ᠲᠡᠭᠦᠨ ᠦ ᠡᠷᠬᠢᠯᠡᠨ ᠬᠠᠮᠢᠶᠠᠷᠬᠤ ᠪᠠᠶᠢᠭᠤᠯᠭ᠎ᠠ ᠶᠢᠨ ᠵᠥᠪᠰᠢᠶᠡᠷᠡᠯ ᠢ ᠣᠯᠤᠭᠰᠠᠨ ᠬᠣᠶᠢᠨ᠎ᠠ ᠂ ᠮᠡᠳᠡᠭᠦᠯᠵᠦ ᠮᠤᠵᠢ ᠂ ᠥᠪᠡᠷᠲᠡᠭᠡᠨ ᠵᠠᠰᠠᠬᠤ ᠣᠷᠣᠨ , ᠰᠢᠭᠤᠳ ᠬᠠᠷᠢᠶ᠎ᠠ ᠬᠣᠲᠠ ᠶᠢᠨ ᠲᠤᠰᠬᠠᠶ ᠠᠰᠢᠭ ᠤᠨ ᠬᠠᠮᠢᠶᠠᠷᠤᠯᠲᠠ ᠶᠢᠨ ᠪᠠᠶᠢᠭᠤᠯᠭ᠎ᠠ ᠶᠢᠨ ᠬᠢᠨᠠᠨ ᠪᠠᠶᠢᠴᠠᠭᠠᠬᠤ ᠬᠡᠷᠡᠭᠲᠡᠶ ; ᠡᠷᠬᠢᠯᠡᠨ ᠬᠠᠮᠢᠶᠠᠷᠬᠤ ᠪᠠᠶᠢᠭᠤᠯᠭ᠎ᠠ ᠪᠠᠶᠢᠬᠤ ᠦᠭᠡᠢ ᠂ ᠮᠤᠵᠢ ᠶᠢᠨ ᠰᠢᠭᠤᠳ ᠮᠡᠳᠡᠭᠦᠯᠵᠦ ᠪᠣᠯᠤᠨ᠎ᠠ ᠂ ᠥᠪᠡᠷᠲᠡᠭᠡᠨ ᠵᠠᠰᠠᠬᠤ ᠣᠷᠣᠨ , ᠰᠢᠭᠤᠳ ᠬᠠᠷᠢᠶ᠎ᠠ ᠬᠣᠲᠠ ᠶᠢᠨ ᠲᠤᠰᠬᠠᠶ ᠠᠰᠢᠭ ᠤᠨ ᠬᠠᠮᠢᠶᠠᠷᠤᠯᠲᠠ ᠶᠢᠨ ᠪᠠᠶᠢᠭᠤᠯᠭ᠎ᠠ ᠶᠢᠨ ᠬᠢᠨᠠᠨ ᠪᠠᠶᠢᠴᠠᠭᠠᠬᠤ ᠬᠡᠷᠡᠭᠲᠡᠶ ᠃ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤᠢᠭᠡᠢ ᠪᠠᠶᠢᠪᠠᠯ ᠂ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠰᠣᠨᠢᠨ ᠳᠤᠮᠳᠠᠳᠤ ᠤᠯᠤᠰ ᠤᠨ ᠲᠤᠰᠬᠠᠶ ᠠᠰᠢᠭ ᠤᠨ ᠲᠣᠪᠴᠢᠶ᠎ᠠ ᠬᠢᠨᠠᠨ ᠵᠥᠪᠰᠢᠶᠡᠷᠡᠭᠦᠯᠬᠦ ᠬᠡᠷᠡᠭᠲᠡᠶ ᠃
     ᠭᠠᠳᠠᠭᠠᠳᠤ ᠳᠤ ᠬᠣᠯᠪᠣᠭᠳᠠᠬᠤ ᠲᠤᠰᠬᠠᠶ ᠠᠰᠢᠭ ᠤᠨ ᠶᠠᠪᠤᠳᠠᠯ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠪᠠᠶᠢᠭᠤᠯᠬᠤ ᠪᠠᠷ ᠭᠤᠶᠤᠴᠢᠯᠠᠬᠤ ᠂ 《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠠᠶ ᠠᠰᠢᠭ ᠤᠨ ᠬᠠᠤᠯᠢ 》  ᠶᠢᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠶᠳᠪᠦᠷᠢᠯᠡᠬᠦ ᠬᠡᠷᠡᠭᠲᠡᠶ ᠃ ᠭᠠᠳᠠᠭᠠᠳᠤ ᠳᠤ ᠬᠣᠯᠪᠣᠭᠳᠠᠬᠤ ᠲᠤᠰᠬᠠᠶ ᠠᠰᠢᠭ ᠤᠨ ᠶᠠᠪᠤᠳᠠᠯ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠂ ᠳᠤᠮᠳᠠᠳᠤ ᠤᠯᠤᠰ ᠤᠨ ᠲᠤᠰᠬᠠᠶ ᠠᠰᠢᠭ ᠤᠨ ᠲᠣᠪᠴᠢᠶ᠎ᠠ ᠵᠥᠪᠰᠢᠶᠡᠷᠡᠭᠰᠡᠨ ᠂ ᠤᠯᠤᠰ ᠤᠨ ᠳᠣᠲᠣᠭᠠᠳᠤ ᠶᠢᠨ ᠲᠤᠰᠬᠠᠶ ᠠᠰᠢᠭ ᠤᠨ ᠶᠠᠪᠤᠳᠠᠯ ᠪᠣᠯᠤᠨ᠎ᠠ ᠃
     ᠳᠣᠯᠣᠳᠤᠭᠠᠷ ᠵᠦᠢᠯ   ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠵᠥᠪᠰᠢᠶᠡᠷᠡᠭᠰᠡᠨ ᠡᠳᠦᠷ ᠡᠴᠡ ᠡᠬᠢᠯᠡᠵᠦ ᠪᠤᠢ ᠪᠣᠯᠤᠨ᠎ᠠ ᠂ ᠬᠠᠤᠯᠢ ᠶᠣᠰᠣᠭᠠᠷ ᠥᠷᠨᠢᠭᠦᠯᠵᠦ ᠂ ᠲᠤᠰᠬᠠᠶ ᠠᠰᠢᠭ ᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠂ ᠢᠷᠭᠡᠨ ᠦ ᠬᠡᠷᠡᠭ ᠦᠨ ᠡᠷᠬᠡ ᠶᠢ ᠡᠳ᠋ᠯᠡᠨ ᠂ ᠢᠷᠭᠡᠨ ᠦ ᠬᠡᠷᠡᠭ ᠦᠨ ᠬᠠᠷᠢᠭᠤᠴᠠᠯᠭ᠎ᠠ ᠡᠭᠦᠷᠭᠡᠯᠡᠨ᠎ᠡ ᠃
     ᠨᠠᠶᠮᠠᠳᠤᠭᠠᠷ ᠵᠦᠢᠯ   ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠣᠣᠷ᠎ᠠ ᠵᠢᠭᠰᠠᠭᠠᠭᠰᠠᠨ ᠠᠵᠢᠯ ᠶᠠᠪᠤᠳᠠᠯ ᠢ ᠳᠠᠭᠠᠭᠠᠨ ᠠᠪᠴᠤ ᠰᠢᠶᠳᠪᠦᠷᠢᠯᠡᠬᠦ ᠬᠡᠷᠡᠭᠲᠡᠶ ᠄
( ᠨᠢᠭᠡ ) ᠲᠤᠰᠬᠠᠶ ᠠᠰᠢᠭ ᠤᠨ ᠶᠠᠪᠤᠳᠠᠯ ᠬᠠᠩᠭᠠᠬᠤ ᠲᠠᠯ᠎ᠠ ᠶᠢᠨ ᠵᠥᠪᠯᠡᠯᠭᠡ ᠥᠭᠬᠦ ;
( ᠬᠣᠶᠠᠷ ) ᠣᠷᠣᠯᠠᠨ ᠪᠢᠴᠢᠬᠦ ᠲᠤᠰᠬᠠᠶ ᠠᠰᠢᠭ ᠭᠤᠶᠤᠴᠢᠯᠠᠭᠰᠠᠨ ᠪᠢᠴᠢᠭ ᠮᠠᠲ᠋ᠧᠷᠢᠶᠠᠯ ᠶᠣᠰᠣᠭᠠᠷ ᠲᠤᠰᠬᠠᠶ ᠠᠰᠢᠭ ᠤᠨ ᠭᠤᠶᠤᠴᠢᠯᠠᠯ ᠭᠠᠷᠭᠠᠵᠤ ᠪᠣᠯᠤᠨ᠎ᠠ ; ᠮᠥᠨ ᠴᠢᠨᠠᠷ ᠤᠨ ᠬᠢᠨᠠᠨ ᠪᠠᠶᠢᠴᠠᠭᠠᠯᠲᠠ ᠬᠢᠯᠭᠡᠬᠦ ᠪᠡᠷ ᠭᠤᠶᠤᠴᠢᠯᠠᠬᠤ ᠪᠤᠶᠤ ᠲᠠᠬᠢᠨ ᠬᠢᠨᠠᠭᠰᠠᠨ ᠵᠡᠷᠭᠡ ᠬᠣᠯᠪᠣᠭᠳᠠᠯ ᠪᠦᠬᠦᠢ ᠬᠡᠷᠡᠭ ᠶᠠᠪᠤᠳᠠᠯ ᠢ ;
( ᠭᠤᠷᠪᠠ ) ᠣᠨᠳᠣᠣ ᠰᠠᠨᠠᠯ ᠳᠤᠷᠠᠳᠤᠭᠰᠠᠨ ᠪᠠᠶᠢᠪᠠᠯ ᠂ ᠲᠤᠰᠬᠠᠶ ᠠᠰᠢᠭ ᠤᠨ ᠡᠷᠬᠡ ᠶᠢ ᠬᠦᠴᠦᠨ ᠦᠭᠡᠢ ᠪᠡᠷ ᠵᠠᠷᠯᠠᠭᠤᠯᠬᠤ ᠭᠤᠶᠤᠴᠢᠯᠠᠯ ᠭᠠᠷᠭᠠᠭᠰᠠᠨ ᠬᠣᠯᠪᠣᠭᠳᠠᠯ ᠪᠦᠬᠦᠢ ᠬᠡᠷᠡᠭ ᠶᠠᠪᠤᠳᠠᠯ ;
( ᠳᠥᠷᠪᠡ ) ᠲᠤᠰᠬᠠᠶ ᠠᠰᠢᠭ ᠭᠤᠶᠤᠴᠢᠯᠠᠬᠤ ᠡᠷᠬᠡ ᠂ ᠲᠤᠰᠬᠠᠶ ᠠᠰᠢᠭ ᠤᠨ ᠡᠷᠬᠡ ᠶᠢ ᠰᠢᠯᠵᠢᠭᠦᠯᠦᠨ ᠥᠭᠬᠦ ᠵᠢᠴᠢ ᠲᠤᠰᠬᠠᠶ ᠠᠰᠢᠭ ᠤᠨ ᠵᠥᠪᠰᠢᠶᠡᠷᠡᠯ ᠦᠨ ᠬᠣᠯᠪᠣᠭᠳᠠᠯ ᠪᠦ᠋ᠬᠦᠢ ᠬᠡᠷᠡᠭ ᠶᠠᠪᠤᠳᠠᠯ ;
( ᠲᠠᠪᠤ ) ᠨᠠᠶᠢᠳᠠᠯᠭ᠎ᠠ ᠬᠦᠯᠢᠶᠡᠬᠦ ᠂ ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠲᠤᠰᠬᠠᠶ ᠠᠰᠢᠭ ᠤᠨ ᠵᠥᠪᠯᠡᠭᠴᠢ ᠶᠢᠨ ᠲᠤᠰᠢᠶᠠᠯ ᠢ ᠬᠠᠷᠢᠭᠤᠴᠠᠵᠤ ᠲᠣᠮᠢᠯᠠᠵᠤ ;
( ᠵᠢᠷᠭᠤᠭ᠎ᠠ ) ᠪᠤᠰᠤᠳ ᠬᠣᠯᠪᠣᠭᠳᠠᠯ ᠪᠦᠬᠦᠢ ᠬᠡᠷᠡᠭ ᠶᠠᠪᠤᠳᠠᠯ ᠢ ᠰᠢᠶᠳᠪᠦᠷᠢᠯᠡᠨ᠎ᠡ ᠃
    ᠶᠢᠰᠦᠳᠦᠭᠡᠷ ᠵᠦᠢᠯ   ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠠᠶᠢᠳᠠᠯᠭ᠎ᠠ ᠶᠢ ᠬᠦᠯᠢᠶᠡᠨ ᠠᠪᠴᠤ ᠂ ᠲᠤᠬᠠᠶᠢᠯᠠᠭᠰᠠᠨ ᠠᠵᠢᠯ ᠳᠠᠭᠠᠭᠠᠨ ᠠᠪᠴᠤ ᠬᠢᠬᠦ ᠳᠦ ᠂ ᠨᠠᠶᠢᠳᠠᠭᠴᠢ ᠨᠢ ᠭᠠᠷ ᠤᠨ ᠦᠰᠦᠭ ᠵᠢᠷᠤᠭᠰᠠᠨ ᠪᠢᠴᠢᠭ ᠦᠨ ᠬᠡᠯᠪᠡᠷᠢ ᠶᠢᠨ ᠨᠠᠶᠢᠳᠠᠯᠭ᠎ᠠ ᠶᠢᠨ ᠪᠢᠴᠢᠭ ᠪᠠᠶᠢᠬᠤ ᠬᠡᠷᠡᠭᠲᠡᠶ ᠂ ᠨᠠᠶᠢᠳᠠᠭᠰᠠᠨ ᠤᠴᠢᠷ ᠶᠠᠪᠤᠳᠠᠯ ᠪᠣᠯᠤᠨ ᠨᠠᠶᠢᠳᠠᠭᠰᠠᠨ ᠡᠷᠬᠡ ᠶᠢᠨ ᠬᠡᠪᠴᠢᠶ᠎ᠡ ᠶᠢ ᠲᠣᠳᠣᠷᠬᠠᠶ ᠪᠢᠴᠢᠬᠦ ᠬᠡᠷᠡᠭᠲᠡᠶ ᠃
    ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠬᠡᠷᠡᠭᠴᠡᠭᠡ ᠪᠡᠨ ᠦᠨᠳᠦᠰᠦᠯᠡᠨ ᠲᠣᠮᠢᠯᠠᠵᠤ ᠨᠠᠶᠢᠳᠠᠭᠴᠢ ᠶᠢᠨ ᠵᠢᠭᠠᠨ ᠲᠣᠭᠲᠠᠭᠠᠭᠰᠠᠨ ᠲᠤᠰᠬᠠᠶ ᠠᠰᠢᠭ ᠤᠨ ᠣᠷᠣᠯᠠᠭᠴᠢ ᠨᠢ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠳᠠᠭᠠᠭᠠᠨ ᠠᠪᠴᠤ ᠰᠢᠶᠳᠪᠦᠷᠢᠯᠡᠬᠦ ᠬᠡᠷᠡᠭᠲᠡᠶ ᠃ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠠᠶᠢᠳᠠᠯᠭ᠎ᠠ ᠶᠢ ᠬᠦᠯᠢᠶᠡᠨ ᠠᠪᠴᠤ ᠂ ᠲᠤᠬᠠᠶᠢᠯᠠᠭᠰᠠᠨ ᠠᠵᠢᠯ ᠳᠠᠭᠠᠭᠠᠨ ᠠᠪᠴᠤ ᠬᠢᠬᠦ ᠳᠦ ᠂ ᠤᠯᠤᠰ ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠰᠦᠢᠳᠬᠡᠯ ᠬᠤᠷᠢᠶᠠᠨ᠎ᠠ ᠃
    ᠠᠷᠪᠠᠳᠤᠭᠠᠷ ᠵᠦᠢᠯ   ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠠᠶᠢᠳᠠᠯᠭ᠎ᠠ ᠶᠢ ᠬᠦᠯᠢᠶᠡᠨ ᠠᠪᠤᠭᠰᠠᠨ ᠤ ᠳᠠᠷᠠᠭ᠎ᠠ ᠂ ᠮᠥᠨ ᠨᠢᠭᠡᠨ ᠠᠭᠤᠯᠭ᠎ᠠ ᠪᠣᠯᠭᠠᠭᠰᠠᠨ ᠲᠤᠰᠬᠠᠶ ᠠᠰᠢᠭ ᠤᠨ ᠶᠠᠪᠤᠳᠠᠯ ᠪᠣᠯᠬᠤ ᠠᠰᠢᠭ ᠬᠣᠣᠷ ᠤᠨ ᠬᠠᠷᠢᠴᠠᠭ᠎ᠠ ᠲᠠᠶ ᠪᠤᠰᠤᠳ ᠨᠢ ᠨᠠᠶᠢᠳᠠᠭᠴᠢ ᠶᠢᠨ ᠨᠠᠶᠢᠳᠠᠯᠭ᠎ᠠ ᠶᠢ ᠬᠦᠯᠢᠶᠡᠵᠦ ᠪᠠᠶᠢᠨ᠎ᠠ ᠃
    ᠠᠷᠪᠠᠨ ᠨᠢᠭᠡᠳᠦᠭᠡᠷ ᠵᠦᠢᠯ   ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠤᠷᠢᠨ ᠲᠣᠮᠢᠯᠠᠬᠤ ᠲᠥᠯᠥᠭᠡ ᠪᠠᠶᠢᠬᠤ 《 ᠲᠤᠰᠬᠠᠶ ᠠᠰᠢᠭ ᠤᠨ ᠣᠷᠣᠯᠠᠭᠴᠢ ᠶᠢᠨ ᠬᠢᠷᠢ ᠬᠡᠮ ᠦᠨ ᠦᠨᠡᠮᠯᠡᠯ 》 ᠣᠯᠤᠭᠰᠠᠨ ᠬᠥᠮᠦᠨ ᠦ ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠪᠣᠯᠵᠠᠶ ᠃ ᠬᠣᠣᠰ ᠤᠷᠢᠭᠰᠠᠨ ᠲᠤᠰᠬᠠᠶ ᠠᠰᠢᠭ ᠤᠨ ᠣᠷᠣᠯᠠᠭᠴᠢ ᠤᠷᠢᠵᠤ ᠲᠣᠮᠢᠯᠠᠬᠤ ᠭᠠᠷ ᠭᠦᠢᠴᠡᠳᠬᠡᠯ ᠬᠢᠬᠦ ᠬᠡᠷᠡᠭᠲᠡᠶ ᠪᠠᠶᠢᠪᠠᠯ ᠂ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ 《 ᠲᠤᠰᠬᠠᠶ ᠠᠰᠢᠭ ᠤᠨ ᠣᠷᠣᠯᠠᠭᠴᠢ ᠶᠢᠨ ᠠᠵᠢᠯ ᠤᠨ ᠦᠨᠡᠮᠯᠡᠯ 》 ᠪᠥᠭᠡᠳ ᠳᠤᠮᠳᠠᠳᠤ ᠤᠯᠤᠰ ᠤᠨ ᠲᠤᠰᠬᠠᠶ ᠠᠰᠢᠭ ᠤᠨ ᠲᠣᠪᠴᠢᠶ᠎ᠠ ᠬᠣᠷᠢᠶᠠᠨ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ ᠃ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠠᠵᠢᠯ ᠢ ᠠᠩᠬ᠎ᠠ ᠬᠢᠵᠦ ᠪᠠᠶᠢᠭ᠎ᠠ ᠬᠥᠮᠦᠨ ᠂ ᠪᠦᠬᠦᠯᠢ ᠨᠢᠭᠡ ᠵᠢᠯ ᠳᠠᠳᠤᠯᠭ᠎ᠠ ᠬᠢᠬᠦ ᠂ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠰᠠᠶ᠋ᠢ 《 ᠲᠤᠰᠬᠠᠶ ᠠᠰᠢᠭ ᠤᠨ ᠣᠷᠣᠯᠠᠭᠴᠢ ᠶᠢᠨ ᠠᠵᠢᠯ ᠤᠨ ᠦᠨᠡᠮᠯᠡᠯ 》 ᠣᠯᠭᠣᠨ᠎ᠠ ᠃ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠤᠷᠢᠨ ᠲᠣᠮᠢᠯᠠᠬᠤ ᠬᠠᠷᠢᠴᠠᠭ᠎ᠠ ᠶᠢ ᠬᠦᠴᠦᠨ ᠦᠭᠡᠢ ᠪᠣᠯᠭᠠᠭᠰᠠᠨ ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠪᠣᠯᠵᠠᠶ ᠂ ᠲᠡᠭᠦᠨ ᠦ 《 ᠲᠤᠰᠬᠠᠶ ᠠᠰᠢᠭ ᠤᠨ ᠣᠷᠣᠯᠠᠭᠴᠢ ᠶᠢᠨ ᠠᠵᠢᠯ ᠤᠨ ᠦᠨᠡᠮᠯᠡᠯ 》 ᠴᠠᠭ ᠲᠤᠬᠠᠶ ᠳᠤᠨᠢ ᠪᠤᠴᠠᠭᠠᠨ ᠠᠪᠬᠤ ᠬᠡᠷᠡᠭᠲᠡᠶ ᠪᠥᠭᠡᠳ ᠳᠤᠮᠳᠠᠳᠤ ᠤᠯᠤᠰ ᠤᠨ ᠲᠤᠰᠬᠠᠶ ᠠᠰᠢᠭ ᠤᠨ ᠲᠣᠪᠴᠢᠶ᠎ᠠ ᠮᠡᠳᠡᠭᠦᠯᠵᠦ ᠳᠠᠩᠰᠠᠯᠠᠭᠤᠯᠬᠤ ᠬᠡᠷᠡᠭᠲᠡᠶ ᠃
     ᠠᠷᠪᠠᠨ ᠬᠣᠶᠠᠳᠤᠭᠠᠷ ᠵᠦᠢᠯ   ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠬᠤᠪᠢᠷᠠᠭᠤᠯᠬᠤ ᠪᠠᠶᠢᠭᠤᠯᠤᠮᠵᠢ ᠶᠢᠨ ᠨᠡᠷᠡᠶᠢᠳᠦᠯ ᠂ ᠬᠠᠶ᠋ᠢᠭ ᠪᠠ ᠬᠠᠷᠢᠭᠤᠴᠠᠯᠭᠠᠲᠠᠨ ᠂ ᠳᠤᠮᠳᠠᠳᠤ ᠤᠯᠤᠰ ᠤᠨ ᠲᠤᠰᠬᠠᠶ ᠠᠰᠢᠭ ᠤᠨ ᠲᠣᠪᠴᠢᠶ᠎ᠠ ᠟ᠳᠤ ᠮᠡᠳᠡᠭᠦᠯᠵᠦ ᠬᠤᠪᠢᠷᠠᠭᠤᠯᠬᠤ ᠲᠠᠨᠭᠰᠠᠯᠠᠯᠳᠠ ᠂ ᠵᠥᠪᠰᠢᠶᠡᠷᠡᠭᠦᠯᠦᠭᠰᠡᠨ ᠳᠠᠩᠰᠠᠯᠠᠭᠤᠯᠤᠭᠰᠠᠨ ᠤ ᠲᠠᠷᠠᠭ᠎ᠠ ᠂ ᠬᠤᠪᠢᠷᠠᠭᠤᠯᠬᠤ ᠰᠠᠶ᠋ᠢ ᠬᠦᠴᠦᠨ ᠲᠡᠶ ᠪᠣᠯᠤᠨ᠎ᠠ ᠃
    ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠠᠵᠢᠯ ᠢ ᠨᠢ ᠵᠣᠭᠰᠣᠭᠠᠵᠤ ᠂ ᠨᠢ ᠲᠣᠬᠢᠲᠠᠶ ᠰᠢᠶᠳᠪᠦᠷᠢᠯᠡᠵᠦ ᠂ ᠡᠯ᠎ᠡ ᠵᠦᠢᠯ ᠦᠨ ᠬᠠᠷᠠᠬᠠᠨ ᠰᠢᠶᠳᠪᠦᠷᠢᠯᠡᠵᠦ ᠳᠠᠭᠤᠰᠤᠭᠠᠳᠤᠶ ᠵᠦᠢᠯᠡᠰ ᠢ ᠣᠯᠤᠭᠰᠠᠨ ᠤ ᠳᠠᠷᠠᠭ᠎ᠠ ᠂ ᠤᠤᠯ ᠤᠨ ᠬᠢᠨᠠᠨ ᠪᠠᠶᠢᠴᠠᠭᠠᠬᠤ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠶ ᠪᠥᠭᠡᠳ ᠲᠤᠰ ᠪᠠᠶᠢᠭᠤᠯᠤᠯᠭ᠎ᠠ ᠶᠢᠨ ᠰᠣᠨᠢᠨ ᠳᠤᠮᠳᠠᠳᠤ ᠤᠯᠤᠰ ᠤᠨ ᠲᠤᠰᠬᠠᠶ ᠠᠰᠢᠭ ᠤᠨ ᠲᠣᠪᠴᠢᠶ᠎ᠠ ᠬᠣᠯᠪᠣᠭᠳᠠᠯ ᠪᠦᠬᠦᠢ ᠭᠠᠷ ᠭᠦᠢᠴᠡᠳᠬᠡᠯ ᠬᠢᠬᠦ ᠬᠡᠷᠡᠭᠲᠡᠶ ᠃
     ᠠᠷᠪᠠᠨ ᠭᠤᠷᠪᠠᠳᠤᠭᠠᠷ ᠵᠦᠢᠯ   ᠨᠢᠭᠡᠨᠲᠡ ᠵᠥᠪᠰᠢᠶᠡᠷᠡᠭᠦᠯᠦᠭᠰᠡᠨ ᠲᠤᠰᠬᠠᠶ ᠠᠰᠢᠭ ᠤᠨ ᠣᠷᠣᠯᠠᠬᠤ ᠪᠠᠶᠢᠭᠤᠯᠤᠮᠵᠢ ᠂ ᠪᠠᠶᠢᠳᠠᠯ ᠳᠤ ᠬᠤᠪᠢᠷᠠᠯᠲᠠ ᠲᠤᠰ ᠳᠦᠷᠢᠮ ᠦᠨ ᠳᠥᠷᠪᠡᠳᠦᠭᠡᠷ ᠵᠦᠢᠯ ᠳᠦ ᠲᠣᠭᠲᠠᠭᠠᠭᠰᠠᠨ ᠨᠥᠬᠥᠴᠡᠯ ᠳᠦ ᠨᠡᠶᠢᠴᠡᠬᠦ ᠦᠭᠡᠢ ᠂ ᠪᠥᠭᠡᠳ ᠨᠢᠭᠡ ᠵᠢᠯ ᠦᠨ ᠳᠣᠲᠣᠷ᠎ᠠ ᠡᠳᠡᠭᠡᠷ ᠨᠥᠬᠥᠴᠡᠯ ᠢ ᠮᠥᠨ ᠯᠡ ᠪᠦᠷᠢᠯᠳᠦᠭᠦᠯᠦᠭᠰᠡᠨ ᠪᠣᠯᠬᠤ ᠦᠭᠡᠢ ᠂ ᠤᠤᠯ ᠤᠨ ᠬᠢᠨᠠᠨ ᠪᠠᠶᠢᠴᠠᠭᠠᠬᠤ ᠲᠤᠰᠬᠠᠶ ᠠᠰᠢᠭ ᠤᠨ ᠬᠠᠮᠢᠶᠠᠷᠤᠯᠲᠠ ᠶᠢᠨ ᠪᠠᠶᠢᠭᠤᠯᠭ᠎ᠠ ᠳᠤᠮᠳᠠᠳᠤ ᠤᠯᠤᠰ ᠤᠨ ᠲᠤᠰᠬᠠᠶ ᠠᠰᠢᠭ ᠤᠨ ᠲᠣᠪᠴᠢᠶ᠎ᠠ ᠨᠢ ᠲᠤᠰ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠰᠠᠨᠠᠭᠤᠯᠭ᠎ᠠ ᠳᠤᠷᠠᠳᠬᠤ ᠬᠡᠷᠡᠭᠲᠡᠶ ᠃

ᠭᠤᠷᠪᠠᠳᠤᠭᠠᠷ ᠪᠦᠯᠦᠭ   ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ
       ᠠᠷᠪᠠᠨ ᠳᠥᠷᠪᠡᠳᠦᠭᠡᠷ ᠵᠦᠢᠯ ᠲᠤᠰ ᠳᠦᠷᠢᠮ ᠳᠦ ᠬᠡᠯᠡᠵᠦ ᠪᠠᠶᠢᠭ᠎ᠠ ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠭᠡᠳᠡᠭ ᠨᠢ 《 ᠲᠤᠰᠬᠠᠶ ᠠᠰᠢᠭ ᠤᠨ ᠣᠷᠣᠯᠠᠭᠴᠢ ᠶᠢᠨ ᠬᠢᠷᠢ ᠬᠡᠮ ᠦᠨ ᠦᠨᠡᠮᠯᠡᠯ 》 ᠂ 《 ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠪᠣᠯᠵᠠᠶ ᠠᠵᠢᠯ ᠤᠨ ᠦᠨᠡᠮᠯᠡᠯ 》 ᠪᠠᠶᠢᠭ᠎ᠠ ᠬᠥᠮᠦᠰ ᠢ ᠵᠢᠭᠠᠵᠤ ᠪᠠᠶᠢᠨ᠎ᠠ ᠃
    ᠠᠷᠪᠠᠨ ᠲᠠᠪᠤᠳᠤᠭᠠᠷ ᠵᠦᠢᠯ   ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠬᠦ ᠪᠥᠭᠡᠳ ᠳᠣᠣᠷ᠎ᠠ ᠵᠢᠭᠰᠠᠭᠠᠭᠰᠠᠨ ᠨᠥᠬᠥᠴᠡᠯ ᠢ ᠪᠦᠷᠢᠳᠦᠭᠦᠯᠦᠭᠰᠡᠨ ᠪᠠᠶᠢᠪᠠᠯ ᠳᠤᠮᠳᠠᠳᠤ ᠤᠯᠤᠰ ᠤᠨ ᠠᠷᠠᠳ ᠢᠷᠭᠡᠨ ᠂ ᠲᠤᠰᠬᠠᠶ ᠠᠰᠢᠭ ᠤᠨ ᠣᠷᠣᠯᠠᠭᠴᠢ ᠶᠢᠨ ᠬᠢᠷᠢ ᠬᠡᠮ ᠭᠤᠶᠤᠴᠢᠯᠠᠵᠤ ᠪᠣᠯᠤᠨ᠎ᠠ ᠄
( ᠨᠢᠭᠡ ) ᠪᠦᠬᠦᠯᠢ ᠠᠷᠪᠠᠨ ᠨᠠᠶᠮᠠᠨ ᠨᠠᠰᠤᠨ ᠠᠴᠠ ᠳᠡᠭᠡᠭᠰᠢᠬᠢ ᠂ ᠢᠷᠭᠡᠨ ᠦ ᠬᠡᠷᠡᠭ ᠦᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠶ ;
( ᠬᠣᠶᠠᠷ ) ᠶᠡᠬᠡ ᠰᠤᠷᠭᠠᠭᠤᠯᠢ ᠳᠡᠭᠡᠳᠦ ᠰᠤᠷᠭᠠᠭᠤᠯᠢ ᠶᠢᠨ ᠹᠢᡁᠢᠺ ᠂ ᠦᠢᠯᠡᠳᠪᠦᠷᠢ ᠲᠤᠰᠬᠠᠶ ᠮᠡᠷᠭᠡᠵᠢᠯ ᠡᠴᠡ ᠲᠡᠭᠦᠰᠴᠡᠶ ᠂ ( ᠪᠤᠶᠤ ᠨᠢᠭᠡ ᠯᠡ ᠠᠳᠠᠯᠢ ᠰᠤᠷᠤᠯᠴᠠᠭᠰᠠᠨ ᠨᠠᠮᠲᠠᠷ ) ᠂ ᠨᠢᠭᠡ ᠭᠠᠳᠠᠭᠠᠳᠤ ᠬᠡᠯᠡ ᠪᠡᠷ ᠴᠢᠳᠠᠪᠤᠷᠢᠵᠢᠬᠤ ;
( ᠭᠤᠷᠪᠠ ) ᠰᠠᠢᠢᠨ ᠮᠡᠳᠡᠳᠡᠭ ᠲᠤᠰᠬᠠᠶ ᠠᠰᠢᠭ ᠤᠨ ᠬᠠᠤᠯᠢ ᠪᠠ ᠬᠣᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ;
( ᠲᠦᠷᠪᠠ ) ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠨ ᠠᠵᠢᠯ ᠪᠤᠶᠤ ᠬᠠᠤᠯᠢ ᠴᠠᠭᠠᠵᠠ ᠶᠢᠨ ᠠᠵᠢᠯ ᠢ ᠬᠣᠶᠠᠷ ᠵᠢᠯ ᠡᠴᠡ ᠳᠡᠭᠡᠭᠰᠢ ᠪᠣᠯᠤᠭᠰᠠᠨ ᠪᠢᠯᠡ ᠃
    ᠠᠷᠪᠠᠨ ᠵᠢᠷᠭᠤᠳᠤᠭᠠᠷ ᠵᠦᠢᠯ   ᠲᠤᠰᠬᠠᠶ ᠠᠰᠢᠭ ᠭᠤᠶᠤᠴᠢᠯᠠᠭᠰᠠᠨ ᠡᠭᠦᠳᠦᠯᠲᠡ ᠣᠷᠣᠯᠠᠭᠴᠢ ᠶᠢᠨ ᠬᠢᠷᠢ ᠬᠡᠮ ᠲᠡᠶ ᠠᠵᠢᠯᠲᠠᠨ ᠲᠤᠰ ᠬᠥᠮᠦᠨ ᠨᠢ ᠭᠤᠶᠤᠴᠢᠯᠠᠯ ᠭᠠᠷᠭᠠᠵᠤ ᠂ ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠬᠢᠨᠠᠨ ᠰᠢᠯᠭᠠᠬᠤ ᠺᠣᠮᠢᠰ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠠᠶᠢᠪᠠᠯ ᠂ ᠳᠤᠮᠳᠠᠳᠤ ᠤᠯᠤᠰ ᠤᠨ ᠲᠤᠰᠬᠠᠶ ᠠᠰᠢᠭ ᠤᠨ ᠲᠣᠪᠴᠢᠶ᠎ᠠ ᠲᠤᠰᠬᠠᠶ ᠠᠰᠢᠭ ᠤᠨ ᠣᠷᠣᠯᠠᠭᠴᠢ ᠶᠢᠨ ᠬᠢᠷᠢ ᠬᠡᠮ ᠦᠨ ᠦᠨᠡᠮᠯᠡᠯ 《 ᠣᠯᠭᠣᠨ᠎ᠠ 》 ᠭᠡᠵᠦ ᠲᠣᠭᠲᠠᠭᠠᠵᠠᠶ ᠃
     ᠳᠤᠮᠳᠠᠳᠤ ᠤᠯᠤᠰ ᠤᠨ ᠲᠤᠰᠬᠠᠶ ᠠᠰᠢᠭ ᠤᠨ ᠲᠣᠪᠴᠢᠶ᠎ᠠ ᠬᠢᠨᠠᠨ ᠰᠢᠯᠭᠠᠬᠤ ᠺᠣᠮᠢᠰ ᠨᠢ ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠪᠣᠯᠵᠠᠶ ᠂ ᠲᠦᠷᠦ ᠶᠢᠨ ᠶᠠᠪᠤᠳᠠᠯ ᠤᠨ ᠬᠣᠷᠢᠶᠠᠨ ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠤᠰᠬᠠᠶ ᠠᠰᠢᠭ ᠤᠨ ᠣᠷᠣᠯᠠᠭᠴᠢ ᠶᠢᠨ ᠵᠣᠬᠢᠶᠠᠨ ᠪᠠᠶᠢᠭᠤᠯᠤᠯᠲᠠ ᠶᠢᠨ ᠬᠣᠯᠪᠣᠭᠳᠠᠯ ᠪᠦᠬᠦᠢ ᠬᠥᠮᠦᠰ ᠢᠶᠡᠷ ᠪᠦᠷᠢᠯᠳᠦᠨ᠎ᠡ ᠃
    ᠠᠷᠪᠠᠨ ᠳᠣᠯᠣᠳᠤᠭᠠᠷ ᠵᠦᠢᠯ   ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠨᠢ ᠡᠷᠬᠡᠪᠰᠢ ᠳᠠᠭᠠᠭᠠᠨ ᠠᠪᠴᠤ ᠰᠢᠶᠳᠪᠦᠷᠢᠯᠡᠬᠦ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠲᠣᠮᠢᠯᠠᠭᠰᠠᠨ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠂ ᠥᠪᠡᠰᠦᠪᠡᠨ ᠨᠠᠶᠢᠳᠠᠯᠭ᠎ᠠ ᠶᠢ ᠬᠦᠯᠢᠶᠡᠨ ᠠᠪᠴᠤ ᠪᠣᠯᠬᠤ ᠦᠭᠡᠢ ᠃
    ᠠᠷᠪᠠᠨ ᠨᠠᠶᠮᠠᠳᠤᠭᠠᠷ ᠵᠦᠢᠯ   ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠪᠣᠯᠬᠤ ᠵᠡᠷᠭᠡᠪᠡᠷ ᠬᠣᠶᠠᠷ ᠠᠴᠠ ᠳᠡᠭᠡᠭᠰᠢᠬᠢ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠬᠢᠵᠦ ᠪᠠᠶᠢᠭ᠎ᠠ ᠲᠤᠰᠬᠠᠶ ᠠᠰᠢᠭ ᠤᠨ ᠠᠵᠢᠯ  ᠢ ᠣᠷᠣᠯᠠᠨ ᠬᠢᠬᠦ ᠃
ᠲᠤᠰᠬᠠᠶ ᠠᠰᠢᠭ ᠤᠨ ᠣᠷᠣᠯᠠᠭᠴᠢ ᠨᠢ ᠰᠢᠯᠵᠢᠭᠦᠯᠬᠦ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠡᠮᠦᠨ᠎ᠡ ᠂ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠬᠡᠷᠡᠭ ᠢ ᠬᠠᠷᠠᠬᠠᠨ ᠰᠢᠶᠳᠪᠦᠷᠢᠯᠡᠵᠦ ᠳᠠᠭᠤᠰᠬᠠᠭᠠᠳᠤᠶ ᠪᠠᠶᠢᠵᠤ ᠡᠷᠬᠡᠪᠰᠢ ᠲᠣᠬᠢᠲᠠᠶ ᠰᠢᠶᠳᠪᠦᠷᠢᠯᠡᠬᠦ ᠬᠡᠷᠡᠭᠲᠡᠶ ᠃
    ᠠᠷᠪᠠ ᠶᠢᠰᠦᠳᠦᠭᠡᠷ ᠵᠦᠢᠯ   《 ᠬᠢᠷᠢ ᠬᠡᠮ ᠦᠨ ᠦᠨᠡᠮᠯᠡᠯ 》 ᠣᠯᠤᠭᠰᠠᠨ ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠪᠣᠯᠵᠠᠶ ᠂ ᠲᠠᠪᠤᠨ ᠵᠢᠯ ᠦᠨ ᠳᠣᠲᠣᠷ᠎ᠠ ᠲᠤᠰᠬᠠᠶ ᠠᠰᠢᠭ ᠤᠨ ᠠᠵᠢᠯ  ᠢ ᠣᠷᠣᠯᠠᠨ ᠬᠢᠬᠦ ᠪᠤᠶᠤ ᠲᠤᠰᠬᠠᠶ ᠠᠰᠢᠭ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠢᠬᠦ ᠦᠭᠡᠢ ᠂ ᠲᠡᠭᠦᠨ ᠦ 《 ᠲᠤᠰᠬᠠᠶ ᠠᠰᠢᠭ ᠤᠨ ᠣᠷᠣᠯᠠᠭᠴᠢ ᠶᠢᠨ ᠬᠢᠷᠢ ᠬᠡᠮ ᠦᠨ ᠦᠨᠡᠮᠯᠡᠯ 》 ᠠᠶᠠᠨᠳᠠᠭᠠᠨ ᠬᠦᠴᠦᠨ ᠦᠭᠡᠢ ᠪᠣᠯᠤᠨ᠎ᠠ ᠃
     ᠬᠣᠷᠢᠳᠤᠭᠠᠷ ᠵᠦᠢᠯ   ᠲᠤᠰᠬᠠᠶ ᠠᠰᠢᠭ ᠤᠨ ᠣᠷᠣᠯᠠᠭᠴᠢ ᠨᠢ ᠲᠤᠰᠬᠠᠶ ᠠᠰᠢᠭ ᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠬᠢᠵᠦ ᠪᠠᠶᠢᠭ᠎ᠠ ᠬᠤᠭᠤᠴᠠᠭᠠᠨ ᠳᠤ ᠲᠤᠰᠬᠠᠶ ᠠᠰᠢᠭ ᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠪᠣᠯᠤᠨ ᠰᠠᠯᠵᠤ ᠰᠡᠭᠦᠯᠡᠷᠬᠢ ᠨᠢᠭᠡ ᠵᠢᠯ ᠦᠨ ᠳᠣᠲᠣᠷ᠎ᠠ ᠂ ᠲᠤᠰᠬᠠᠶ ᠠᠰᠢᠭ ᠭᠤᠶᠤᠴᠢᠯᠠᠵᠤ ᠪᠣᠯᠬᠤ ᠦᠭᠡᠢ ᠃
    ᠬᠣᠷᠢᠨ ᠨᠢᠭᠡᠳᠦᠭᠡᠷ ᠵᠦᠢᠯ   ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠲᠤᠰᠬᠠᠶ ᠠᠰᠢᠭ ᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ  ᠢ ᠬᠠᠤᠯᠢ ᠶᠣᠰᠣᠭᠠᠷ ᠬᠢᠵᠦ ᠂ ᠤᠯᠤᠰ ᠤᠨ ᠬᠠᠤᠯᠢ ᠪᠠᠷ ᠬᠠᠮᠠᠭᠠᠯᠠᠨ᠎ᠠ ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠠᠷ ᠲᠤᠢᠷᠦᠵᠦ ᠪᠣᠯᠬᠤ ᠤᠢᠭᠡᠢ ᠃
    ᠬᠣᠷᠢᠨ ᠬᠣᠶᠠᠳᠤᠭᠠᠷ ᠵᠦᠢᠯ   ᠲᠤᠢᠷᠦ ᠶᠢᠨ ᠪᠠᠶᠢᠭᠤᠯᠭ᠎ᠠ ᠶᠢᠨ ᠠᠵᠢᠯᠳᠡᠠ ᠂ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠲᠤᠰᠢᠶᠠᠯ ᠬᠠᠪᠰᠤᠷᠭᠠᠵᠤ ᠂ ᠪᠣᠯᠬᠤ ᠦᠭᠡᠶ ᠂ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠠᠵᠢᠯ ᠬᠢᠵᠦ ᠪᠠᠶᠢᠨ᠎ᠠ ᠃
    ᠬᠣᠷᠢᠨ ᠭᠤᠷᠪᠠᠳᠤᠭᠠᠷ ᠵᠦᠢᠯ   ᠲᠤᠰᠬᠠᠶ ᠠᠰᠢᠭ ᠤᠨ ᠣᠷᠣᠯᠠᠭᠴᠢ ᠨᠢ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠡᠵᠡᠩᠨᠡᠬᠦ ᠠᠵᠢᠯᠯᠠᠭ᠎ᠠ ᠶᠢᠨ ᠳᠤᠮᠳᠠ ᠣᠶᠢᠯᠠᠭᠠᠭᠰᠠᠨ ᠡᠭᠦᠳᠦᠯᠲᠡ ᠪᠦᠲᠦᠭᠡᠯᠲᠡ ᠶᠢᠨ ᠠᠭᠤᠯᠭ᠎ᠠ ᠶᠢᠨ ᠲᠤᠰᠬᠠᠶ ᠠᠰᠢᠭ ᠤᠨ ᠭᠤᠶᠤᠴᠢᠯᠠᠯ ᠢ ᠨᠢ ᠨᠢᠭᠡᠨᠲᠡ ᠨᠡᠶᠢᠲᠡᠯᠡᠭᠰᠡᠨ ᠪᠤᠶᠤ ᠵᠠᠷᠯᠠᠨ ᠨᠡᠶᠢᠲᠡᠯᠡᠭᠰᠡᠨ ᠢ ᠭᠠᠷᠭᠠᠪᠠᠯ ᠂ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠲᠠᠶ ᠃
     ᠳᠥᠷᠪᠡᠳᠦᠭᠡᠷ ᠪᠦᠯᠦᠭ   ᠲᠣᠷᠭᠠᠬᠤ ᠳᠦᠷᠢᠮ
     ᠬᠣᠷᠢᠨ ᠳᠥᠷᠪᠡᠳᠦᠭᠡᠷ ᠵᠦᠢᠯ   ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ ᠂ ᠲᠡᠭᠦᠨ ᠦ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠮᠤᠵᠢ ᠂ ᠥᠪᠡᠷᠲᠡᠭᠡᠨ ᠵᠠᠰᠠᠬᠤ ᠣᠷᠣᠨ , ᠰᠢᠭᠤᠳ ᠬᠠᠷᠢᠶ᠎ᠠ ᠬᠣᠲᠠ ᠶᠢᠨ ᠲᠤᠰᠬᠠᠶ ᠠᠰᠢᠭ ᠤᠨ ᠬᠠᠮᠢᠶᠠᠷᠤᠯᠲᠠ ᠶᠢᠨ ᠪᠠᠶᠢᠭᠤᠯᠭ᠎ᠠ ᠂ ᠰᠡᠷᠡᠮᠵᠢ ᠥᠭᠬᠦ ᠰᠢᠳᠬᠡᠯ ᠥᠭᠭᠦᠨ᠎ᠡ ; ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠂ ᠳᠤᠮᠳᠠᠳᠤ ᠤᠯᠤᠰ ᠤᠨ ᠲᠤᠰᠬᠠᠶ ᠠᠰᠢᠭ ᠤᠨ ᠲᠣᠪᠴᠢᠶ᠎ᠠ ᠵᠡᠷᠭᠡ ᠳᠡᠰ ᠢ ᠨᠢ ᠬᠦᠴᠦᠨ ᠦᠭᠡᠢ ᠪᠣᠯᠭᠠᠬᠤ ᠪᠠᠶᠢᠭᠤᠯᠤᠮᠵᠢ ᠠᠴᠠ ᠰᠢᠳᠬᠡᠬᠦ ᠬᠡᠷᠡᠭᠲᠡᠶ ᠄
( ᠨᠢᠭᠡ ) ᠭᠤᠶᠤᠴᠢᠯᠠᠯ ᠤᠨ ᠬᠢᠨᠠᠨ ᠵᠥᠪᠰᠢᠶᠡᠷᠡᠬᠦ ᠳᠡᠭᠡᠨ ᠦᠨᠡᠨ ᠪᠠᠶᠢᠳᠠᠯ ᠢᠶᠠᠨ ᠨᠢᠭᠤᠵᠤ ᠳᠠᠷᠤᠵᠤ ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ;
( ᠬᠣᠶᠠᠷ ) ᠭᠣᠣᠯ ᠳᠤᠷ᠎ᠠ ᠪᠠᠷ ᠢᠶᠠᠨ ᠬᠤᠪᠢᠷᠠᠭᠤᠯᠵᠤ ᠳᠠᠩᠰᠠᠯᠠᠬᠤ ᠵᠦᠢᠯᠡᠰ ;
( ᠭᠤᠷᠪᠠ ) ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠪᠤᠶᠤ ᠳᠠᠪᠠᠵᠤ ᠵᠥᠪᠰᠢᠶᠡᠷᠡᠭᠰᠡᠨ ᠲᠤᠰᠬᠠᠶ ᠠᠰᠢᠭ ᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠡᠵᠡᠩᠨᠡᠬᠦ ᠬᠦᠷᠢᠶ᠎ᠡ ᠬᠡᠪᠴᠢᠶ᠎ᠡ ᠂ ᠳᠤᠷ᠎ᠠ ᠪᠠᠷ ᠢᠶᠠᠨ ᠨᠠᠶᠢᠳᠠᠯᠭ᠎ᠠ ᠶᠢ ᠬᠦᠯᠢᠶᠡᠨ ᠠᠪᠴᠤ ᠂ ᠲᠤᠰᠬᠠᠶ ᠠᠰᠢᠭ ᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠳᠠᠭᠠᠭᠠᠨ ᠠᠪᠴᠤ ᠰᠢᠶᠳᠪᠦᠷᠢᠯᠡᠬᠦ ;
( ᠲᠦᠷᠪᠡ ) ᠪᠤᠰᠤᠳ ᠬᠠᠤᠯᠢ ᠪᠤᠰᠤ ᠲᠤᠬᠠᠶᠢᠯᠠᠭᠰᠠᠨ ᠠᠵᠢᠯ ᠤᠨ ᠠᠵᠢᠯᠯᠠᠭ᠎ᠠ ᠬᠢᠵᠦ ᠪᠠᠶᠢᠭ᠎ᠠ ᠶᠤᠮ ᠃
     ᠬᠣᠷᠢᠨ ᠲᠠᠪᠤᠳᠤᠭᠠᠷ ᠵᠦᠢᠯ   ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠪᠣᠯᠵᠠᠶ ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠵᠤ ᠂ ᠦᠢᠯᠡ ᠪᠠᠶᠢᠳᠠᠯ ᠨᠢ ᠬᠥᠩᠭᠡᠪᠲᠦᠷ ᠪᠠᠶᠢᠪᠠᠯ ᠂ ᠲᠡᠭᠦᠨ ᠦ ᠪᠠᠶᠢᠭ᠎ᠠ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠰᠢᠭᠦᠮᠵᠢᠯᠡᠨ ᠰᠤᠷᠭᠠᠬᠤ ᠬᠡᠷᠡᠭᠲᠡᠶ ᠃ ᠦᠢᠯᠡ ᠪᠠᠶᠢᠳᠠᠯ ᠨᠢ ᠬᠦᠨᠳᠦ ᠪᠠᠶᠢᠪᠠᠯ ᠲᠡᠭᠦᠨ ᠦ ᠠᠵᠢᠯᠯᠠᠵᠤ ᠪᠠᠶᠢᠭ᠎ᠠ 《ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠤᠷᠢᠨ ᠲᠣᠮᠢᠯᠠᠬᠤ ᠬᠠᠷᠢᠴᠠᠭ᠎ᠠ ᠶᠢ ᠬᠦᠴᠦᠨ ᠦᠭᠡᠢ ᠪᠣᠯᠭᠠᠬᠤ ᠂ ᠠᠵᠢᠯ ᠤᠨ ᠦᠨᠡᠮᠯᠡᠯ 》 ᠮᠥᠷᠲᠡᠭᠡᠨ 《 ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ 》ᠪᠣᠯᠵᠠᠶ ; ᠮᠤᠵᠢ ᠂ ᠥᠪᠡᠷᠲᠡᠭᠡᠨ ᠵᠠᠰᠠᠬᠤ ᠣᠷᠣᠨ , ᠰᠢᠭᠤᠳ ᠬᠠᠷᠢᠶ᠎ᠠ ᠬᠣᠲᠠ ᠶᠢᠨ ᠲᠤᠰᠬᠠᠶ ᠠᠰᠢᠭ ᠤᠨ ᠬᠠᠮᠢᠶᠠᠷᠤᠯᠲᠠ ᠶᠢᠨ ᠪᠠᠶᠢᠭᠤᠯᠭ᠎ᠠ ᠰᠡᠷᠡᠮᠵᠢ ᠥᠭᠬᠦ ᠪᠤᠶᠤ ᠳᠤᠮᠳᠠᠳᠤ ᠤᠯᠤᠰ ᠤᠨ ᠲᠤᠰᠬᠠᠶ ᠠᠰᠢᠭ ᠤᠨ ᠲᠣᠪᠴᠢᠶ᠎ᠠ ᠟ᠳᠤ 《 ᠲᠤᠰᠬᠠᠶ ᠠᠰᠢᠭ ᠤᠨ ᠣᠷᠣᠯᠠᠭᠴᠢ ᠶᠢᠨ ᠬᠢᠷᠢ ᠬᠡᠮ ᠦᠨ ᠦᠨᠡᠮᠯᠡᠯ ᠢ ᠨᠢ ᠬᠤᠷᠢᠶᠡᠠ ᠠᠪᠴᠤ ᠬᠦᠴᠦᠨ ᠤᠢᠭᠡᠢ ᠪᠣᠯᠭᠠᠨ᠎ᠠ 》 ᠰᠢᠳᠬᠡᠨ᠎ᠡ ᠄
( ᠨᠢᠭᠡ ) ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠤᠶᠤ ᠲᠤᠰᠢᠶᠠᠯ ᠳᠠᠭᠠᠨ ᠲᠡᠩᠴᠡᠬᠦ ᠦᠭᠡᠢ ᠪᠣᠯᠣᠭᠠᠳ ᠨᠠᠶᠢᠳᠠᠭᠴᠢ ᠶᠢᠨ ᠠᠰᠢᠭ ᠲᠤᠰᠠ ᠶᠢ ᠬᠣᠬᠢᠷᠠᠭᠤᠯᠤᠭᠰᠠᠨ ;
( ᠬᠣᠶᠠᠷ ) ᠵᠠᠳᠠᠷᠠᠭᠤᠯᠤᠭᠰᠠᠨ ᠪᠤᠶᠤ ᠬᠤᠯᠠᠭᠠᠶᠢᠯᠠᠭᠰᠠᠨ ᠨᠠᠶᠢᠳᠠᠭᠰᠠᠨ ᠬᠥᠮᠦᠨ ᠦ ᠡᠭᠦᠳᠦᠯᠲᠡ ᠪᠦᠲᠦᠭᠡᠯᠲᠡ ᠶᠢᠨ ᠠᠭᠤᠯᠭ᠎ᠠ ᠶᠢᠨ ;
( ᠭᠤᠷᠪᠠ ) ᠣᠷᠣᠯᠠᠬᠤ ᠡᠷᠬᠡ ᠶᠢᠨ ᠬᠡᠪᠴᠢᠶᠡᠨ ᠡᠴᠡ ᠪᠡᠨ ᠳᠠᠪᠠᠭᠠᠳ ᠂ ᠨᠠᠶᠢᠳᠠᠭᠴᠢ ᠶᠢᠨ ᠠᠰᠢᠭ ᠲᠤᠰᠠ ᠶᠢ ᠬᠣᠬᠢᠷᠠᠭᠤᠯᠤᠭᠰᠠᠨ ;
( ᠳᠦᠷᠪᠡ ) ᠬᠤᠪᠢ ᠪᠠᠷ ᠢᠶᠠᠨ ᠨᠠᠶᠢᠳᠠᠯᠭ᠎ᠠ ᠬᠦᠯᠢᠶᠡᠨ ᠂ ᠲᠤᠰᠬᠠᠶ ᠠᠰᠢᠭ ᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠳᠠᠭᠠᠭᠠᠨ ᠠᠪᠴᠤ ᠰᠢᠶᠳᠪᠦᠷᠢᠯᠡᠬᠦ ᠂ ᠰᠦᠢᠳᠬᠡᠯ ᠬᠤᠷᠢᠶᠠᠭᠰᠠᠨ ᠃
ᠡᠮᠦᠨᠡᠬᠢ ᠪᠠᠳᠠᠭ ᠲᠤ ᠳᠤᠷᠠᠳᠤᠭᠰᠠᠨ ᠠᠵᠢᠯᠯᠠᠭ᠎ᠠ ᠶᠢ ᠬᠢᠭᠰᠡᠨ ᠪᠠᠶᠢᠪᠠᠯ ᠂ ᠨᠠᠶᠢᠳᠠᠭᠴᠢ ᠳᠤ ᠬᠣᠬᠢᠷᠠᠯ ᠤᠴᠠᠷᠠᠭᠤᠯᠤᠭᠰᠠᠨ ᠪᠠᠶᠢᠪᠠᠯ ᠂ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠠᠵᠤ ᠠᠬᠤᠶ ᠶᠢᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠳᠠᠷᠠᠭ᠎ᠠ ᠂ ᠵᠣᠬᠢᠬᠤ ᠬᠠᠷᠢᠴᠠᠯ ᠢᠶᠠᠷ ᠲᠤᠰ ᠲᠤᠰᠬᠠᠶ ᠠᠰᠢᠭ ᠤᠨ ᠣᠷᠣᠯᠠᠭᠴᠢ ᠪᠠᠷ ᠨᠡᠬᠡᠮᠵᠢᠯᠡᠨ ᠲᠦᠯᠦᠭᠦᠯᠵᠦ ᠪᠣᠯᠤᠨ᠎ᠠ ᠃
     ᠬᠣᠷᠢᠨ ᠵᠢᠷᠭᠤᠳᠤᠭᠠᠷ ᠵᠦᠢᠯ   ᠰᠢᠳᠬᠡᠭᠳᠡᠭᠰᠡᠨ ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠳᠤᠮᠳᠠᠳᠤ ᠤᠯᠤᠰ ᠤᠨ ᠲᠤᠰᠬᠠᠶ ᠠᠰᠢᠭ ᠤᠨ ᠲᠣᠪᠴᠢᠶ᠎ᠠ ᠪᠠᠶᠢᠭᠤᠯᠤᠮᠵᠢ ᠶᠢ ᠬᠦᠴᠦᠨ ᠦᠭᠡᠢ ᠪᠣᠯᠭᠠᠨ᠎ᠠ ᠂ ᠰᠢᠶᠳᠬᠡᠭᠰᠡᠨ ᠲᠤᠰᠬᠠᠶ ᠠᠰᠢᠭ ᠤᠨ ᠣᠷᠣᠯᠠᠭᠴᠢ ᠨᠢ 《 ᠲᠤᠰᠬᠠᠶ ᠠᠰᠢᠭ ᠤᠨ ᠣᠷᠣᠯᠠᠭᠴᠢ ᠶᠢᠨ ᠬᠢᠷᠢ ᠬᠡᠮ ᠦᠨ ᠦᠨᠡᠮᠯᠡᠯ ᠢ ᠨᠢ ᠬᠤᠷᠢᠶᠡᠠ ᠠᠪᠴᠤ ᠬᠦᠴᠦᠨ ᠤᠢᠭᠡᠢ ᠪᠣᠯᠭᠠᠨ᠎ᠠ 》 ᠭᠡᠳᠡᠭ ᠰᠢᠳᠬᠡᠬᠦ ᠲᠣᠭᠲᠠᠭᠠᠯ ᠢ ᠵᠥᠪᠰᠢᠶᠡᠷᠡᠬᠦ ᠦᠭᠡᠢ ᠪᠣᠯ ᠂ ᠳᠤᠮᠳᠠᠳᠤ ᠤᠯᠤᠰ ᠤᠨ ᠲᠤᠰᠬᠠᠶ ᠠᠰᠢᠭ ᠤᠨ ᠲᠣᠪᠴᠢᠶ᠎ᠠ ᠳᠠᠬᠢᠨ ᠵᠥᠪᠯᠡᠭᠦᠯᠬᠦ ᠪᠡᠷ ᠭᠤᠶᠤᠴᠢᠯᠠᠵᠤ ᠪᠣᠯᠤᠨ᠎ᠠ ᠂ ᠳᠠᠬᠢᠨ ᠵᠥᠪᠯᠡᠭᠰᠡᠨ ᠢ ᠳᠠᠭᠠᠬᠤ ᠦᠭᠡᠶ ᠪᠣᠯ ᠂ ᠳᠠᠬᠢᠨ ᠶᠠᠷᠢᠯᠴᠠᠭᠰᠠᠨ ᠲᠣᠭᠲᠠᠭᠠᠯ ᠤᠨ ᠪᠢᠴᠢᠭ ᠢ ᠠᠷᠪᠠᠨ ᠲᠠᠪᠤᠨ ᠡᠳᠦᠷ ᠦᠨ ᠳᠣᠲᠣᠷ᠎ᠠ ᠠᠷᠠᠳ ᠤᠨ ᠰᠢᠭᠦᠬᠦ ᠬᠣᠷᠢᠶᠠᠨ ᠳᠤ ᠵᠡᠭᠠᠯᠳᠦᠵᠦ ᠪᠣᠯᠤᠨ᠎ᠠ ᠃
       ᠲᠠᠪᠤᠳᠤᠭᠠᠷ ᠪᠦᠯᠦᠭ   ᠳᠠᠭᠠᠯᠳᠤᠭᠤᠯᠤᠭᠰᠠᠨ ᠲᠤᠢᠷᠢᠮ
      ᠬᠣᠷᠢᠨ ᠳᠣᠯᠣᠳᠤᠭᠠᠷ ᠵᠦᠢᠯ   ᠲᠤᠰ ᠲᠦᠷᠢᠮ ᠢ ᠳᠤᠮᠳᠠᠳᠤ ᠤᠯᠤᠰ ᠤᠨ ᠲᠤᠰᠬᠠᠶ ᠠᠰᠢᠭ ᠤᠨ ᠲᠣᠪᠴᠢᠶ᠎ᠠ ᠬᠠᠷᠢᠭᠤᠴᠠᠨ ᠲᠠᠶᠢᠯᠪᠤᠷᠢᠯᠠᠨ᠎ᠠ ᠃
ᠬᠣᠷᠢᠨ ᠨᠠᠶᠮᠠᠳᠤᠭᠠᠷ ᠵᠦᠢᠯ   ᠲᠤᠰ ᠲᠦᠷᠢᠮ ᠢ <1991 ᠣᠨ4 ᠰᠠᠷ᠎ᠠ1 ᠡᠳᠦᠷ> ᠡᠳᠦᠷ ᠡᠴᠡ ᠡᠬᠢᠯᠡᠵᠦ ᠬᠡᠷᠡᠭᠵᠢᠭᠦᠯᠦᠨ᠎ᠡ ᠃ <1985 ᠣᠨ9 ᠰᠠᠷ᠎ᠠ4 ᠡᠳᠦᠷ> ᠲᠥᠷᠥ ᠶᠢᠨ ᠶᠠᠪᠤᠳᠠᠯ ᠤᠨ ᠬᠣᠷᠢᠶ᠎ᠠ ᠪᠠᠷ ᠵᠥᠪᠰᠢᠶᠡᠷᠡᠭᠦᠯᠦᠭᠡᠳ ᠂ ᠲᠤᠰ ᠵᠢᠯ ᠦᠨ ᠶᠢᠰᠦᠳᠦᠭᠡᠷ ᠰᠠᠷ᠎ᠠ ᠶᠢᠨ ᠠᠷᠪᠠᠨ ᠬᠣᠶᠠᠷ ᠤᠨ ᠡᠳᠦᠷ ᠳᠤᠮᠳᠠᠳᠤ ᠤᠯᠤᠰ ᠤᠨ ᠲᠤᠰᠬᠠᠶ ᠠᠰᠢᠭ ᠤᠨ ᠲᠣᠪᠴᠢᠶ᠎ᠠ ᠨᠡᠶᠢᠲᠡᠯᠡᠭᠰᠡᠨ 《 ᠲᠤᠰᠬᠠᠶ ᠠᠰᠢᠭ ᠤᠨ ᠠᠵᠢᠯ ᠢ ᠣᠷᠣᠯᠠᠨ ᠭᠦᠢᠴᠡᠳᠬᠡᠬᠦ ᠲᠤᠬᠠᠶ ᠲᠦᠷ ᠬᠡᠷᠡᠭᠵᠢᠭᠦᠯᠬᠦ ᠲᠣᠭᠲᠠᠭᠠᠯ 》  ᠢ ᠳᠠᠭᠠᠤ ᠳᠤᠨᠢ ᠬᠦᠴᠦᠨ ᠦᠭᠡᠢ ᠪᠣᠯᠭᠠᠨ᠎ᠠ ᠃

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ