ᠲᠦᠷᠥ ᠶᠢᠨ ᠪᠣᠳᠤᠯᠭ᠎ᠠ ᠳᠦᠷᠢᠮ ᠲᠣᠭᠲᠠᠭᠠᠯ
《 ᠲᠤᠰᠬᠠᠶ ᠠᠰᠢᠭ ᠤᠨ ᠤᠷᠢᠳᠠᠪᠠᠷ ᠬᠢᠨᠠᠨ ᠬᠠᠮᠢᠶᠠᠷᠬᠤ ᠠᠷᠭ᠎ᠠ 》  ᠶᠢᠨ 8 ᠰᠠᠷ᠎ᠠ ᠶᠢᠨ 1  ᠦ ᠡᠳᠦᠷ ᠡᠴᠡ ᠡᠬᠢᠯᠡᠨ ᠵᠢᠩᠬᠢᠨᠢ ᠪᠡᠷ ᠬᠡᠷᠡᠭᠵᠢᠭᠦᠯᠦᠨ᠎ᠡ ᠃ 
2017.08.02 ᠲᠣᠰ ᠥᠷᠲᠡᠭᠡᠨ ᠦ ᠨᠠᠢᠷᠠᠭᠤᠯᠤᠭᠴᠢ

ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠲᠣᠪᠴᠢᠶᠠᠨ ᠤ ᠰᠠᠶ᠋ᠢᠬᠠᠨ ᠨᠡᠶᠢᠲᠡᠯᠡᠭᠰᠡᠨ 《 ᠲᠤᠰᠬᠠᠶ ᠠᠰᠢᠭ ᠤᠨ ᠤᠷᠢᠳᠠᠪᠠᠷ ᠬᠢᠨᠠᠨ ᠬᠠᠮᠢᠶᠠᠷᠬᠤ ᠠᠷᠭ᠎ᠠ 》  ᠶᠢᠨ 8 ᠰᠠᠷ᠎ᠠ ᠶᠢᠨ 1  ᠦ ᠡᠳᠦᠷ ᠡᠴᠡ ᠡᠬᠢᠯᠡᠨ ᠵᠢᠩᠬᠢᠨᠢ ᠪᠡᠷ ᠬᠡᠷᠡᠭᠵᠢᠭᠦᠯᠦᠨ᠎ᠡ ᠃ 
     ᠡᠩ ᠲᠡᠷᠢᠭᠦᠨ ᠳᠦ ᠰᠢᠨ᠎ᠡ 《 ᠠᠷᠭ᠎ᠠ 》  ᠢ ᠥᠷᠭᠡᠳᠬᠡᠭᠡᠳ ᠬᠢᠨᠠᠨ ᠪᠠᠶᠢᠴᠠᠭᠠᠬᠤ ᠬᠡᠷᠡᠭᠯᠡᠬᠦ ᠬᠡᠪᠴᠢᠶ᠎ᠡ ᠂ ᠮᠥᠨ ᠴᠢᠨᠠᠷ ᠤᠨ ᠬᠢᠨᠠᠨ ᠪᠠᠢᠴᠠᠭᠠᠯᠲᠠ ᠱᠠᠲᠤᠨ ᠤ ᠡᠭᠦᠳᠦᠯᠲᠡ ᠶᠢᠨ ᠲᠤᠰᠬᠠᠶ ᠠᠰᠢᠭ ᠤᠨ ᠭᠤᠶᠤᠴᠢᠯᠠᠯ ᠢ ᠂ ᠪᠣᠳᠠᠲᠤ ᠬᠡᠷᠡᠭᠴᠡᠭᠡᠲᠦ ᠰᠢᠨ᠎ᠡ ᠬᠡᠯᠪᠡᠷᠢ ᠪᠠ ᠭᠠᠳᠠᠷ ᠳᠦᠷᠰᠦ ᠶᠢᠨ ᠵᠢᠷᠤᠭ ᠲᠥᠯᠥᠪᠯᠡᠭᠡᠨ ᠦ ᠲᠤᠰᠬᠠᠶ ᠠᠰᠢᠭ ᠤᠨ ᠭᠤᠶᠤᠴᠢᠯᠠᠯ ᠂ ᠵᠢᠴᠢ ᠡᠨᠡ ᠭᠤᠷᠪᠠᠨ ᠵᠦᠢᠯ ᠦᠨ ᠲᠤᠰᠬᠠᠶ ᠠᠰᠢᠭ ᠤᠨ ᠭᠤᠶᠤᠴᠢᠯᠠᠯ ᠤᠨ ᠳᠠᠬᠢᠨ ᠬᠢᠨᠠᠯᠲᠠ ᠪᠠ ᠭᠤᠷᠪᠠᠨ ᠵᠦᠢᠯ ᠦᠨ ᠲᠤᠰᠬᠠᠶ ᠠᠰᠢᠭ ᠢ ᠬᠦᠴᠦᠨ ᠦᠭᠡᠢ ᠪᠡᠷ ᠵᠠᠷᠯᠠᠬᠤ ᠬᠡᠷᠡᠭ ᠬᠠᠮᠤᠷᠴᠤ ᠂  ᠤᠷᠢᠳᠠᠪᠠᠷ ᠬᠢᠨᠠᠨ ᠪᠠᠶᠢᠴᠠᠭᠠᠵᠤ ᠬᠡᠷᠡᠭᠯᠡᠬᠦ ᠨᠥᠬᠥᠴᠡᠯ ᠂ ᠳᠡᠯᠭᠡᠷᠡᠭᠦᠯᠬᠦ ᠪᠠ ᠪᠠᠶᠠᠯᠢᠭ ᠟ᠢ ᠡᠩ ᠲᠡᠷᠢᠭᠦᠨ ᠟ᠳᠤ ᠬᠡᠷᠡᠭᠯᠡᠬᠦ ᠬᠢᠨᠠᠨ ᠪᠠᠶᠢᠴᠠᠭᠠᠭᠰᠠᠨ ᠪᠠᠶᠢᠳᠠᠯ ᠲᠡᠭᠦᠯᠳᠡᠷᠵᠢᠭᠦᠯᠵᠦ ᠂ ᠤᠯᠠᠮ ᠨᠢᠭᠡ ᠠᠯᠬᠤᠮ ᠳᠥᠭᠥᠮᠴᠢᠯᠡᠵᠦ ᠂ ᠤᠷᠢᠳᠠᠪᠠᠷ ᠰᠢᠶᠳᠪᠦᠷᠢᠯᠡᠬᠦ ᠬᠢᠨᠠᠨ ᠪᠠᠶᠢᠴᠠᠭᠠᠬᠤ ᠭᠠᠷ ᠭᠦᠢᠴᠡᠳᠬᠡᠯ ᠬᠢᠬᠦ ᠬᠡᠷᠡᠭᠲᠡᠶ ; ᠤᠷᠢᠳᠠᠪᠠᠷ ᠰᠢᠯᠢᠳᠡᠭᠵᠢᠭᠦᠯᠵᠦ ᠂ ᠬᠢᠨᠠᠨ ᠪᠠᠶᠢᠴᠠᠭᠠᠵᠤ ᠰᠢᠶᠳᠪᠦᠷᠢᠯᠡᠬᠦ ᠵᠢᠷᠤᠮ ᠲᠣᠭᠲᠠᠭᠠᠯ ᠟ᠢ ᠡᠩ ᠲᠡᠷᠢᠭᠦᠨ ᠟ᠳᠤ ᠬᠢᠨᠠᠨ ᠪᠠᠶᠢᠴᠠᠭᠠᠬᠤ ᠵᠢᠷᠤᠮ ᠢ ᠵᠣᠭᠰᠣᠭᠠᠬᠤ ᠴᠢᠬᠤᠯᠠ ᠲᠠᠶ ᠵᠠᠷᠢᠮ ᠤᠴᠢᠷ ᠰᠢᠯᠲᠠᠭᠠᠨ ᠭᠠᠷᠤᠭᠰᠠᠨ ᠪᠠᠶᠢᠨ᠎ᠠ ᠂ ᠡᠩ ᠦᠨ ᠶᠣᠰᠣᠭᠠᠷ ᠰᠢᠶᠳᠪᠦᠷᠢᠯᠡᠭᠦᠯᠬᠦ ᠪᠡᠷ ᠭᠤᠶᠤᠴᠢᠯᠠᠵᠤ ᠪᠠᠶᠢᠭ᠎ᠠ ᠪᠣᠳᠠᠲᠠᠶ ᠪᠠᠶᠢᠳᠠᠯ ᠢ ᠵᠢᠭᠠᠵᠤ ᠪᠠᠶᠢᠨ᠎ᠠ ᠃ 
     ᠰᠤᠷᠠᠭ ᠴᠢᠮᠡᠭᠡ ᠪᠡᠷ , ᠰᠢᠨ᠎ᠡ 《 ᠠᠷᠭ᠎ᠠ 》  ᠶᠢ ᠦᠨᠳᠦᠰᠦᠯᠡᠪᠡᠯ ᠂ ᠤᠯᠤᠰ ᠤᠨ ᠭᠣᠣᠯᠳᠠᠯᠭ᠎ᠠ ᠲᠠᠶ ᠠᠵᠤ ᠦᠢᠯᠡᠰ ᠢ ᠬᠥᠭᠵᠢᠭᠦᠯᠬᠦ ᠪᠤᠶᠤ ᠦᠢᠯᠡᠳᠬᠦᠨ ᠢ ᠥᠭᠡᠷᠡᠴᠢᠯᠡᠨ ᠰᠢᠨᠡᠳᠬᠦ ᠨᠢ ᠲᠦᠷᠭᠡᠨ ᠵᠡᠷᠭᠡ ᠪᠠᠶᠢᠳᠠᠯ ᠲᠠᠶ ᠪᠠᠶᠢᠪᠠᠯ ᠂ ᠤᠷᠢᠳᠠᠪᠠᠷ ᠬᠢᠨᠠᠨ ᠪᠠᠶᠢᠴᠠᠭᠠᠵᠤ ᠪᠣᠯᠤᠨ᠎ᠠ ᠃ ( ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠰᠣᠨᠢᠨ ᠤ ᠰᠤᠷᠪᠤᠯᠵᠢᠯᠠᠭᠴᠢ ᠬᠤ ᠱᠤ ᠶᠠᠩ ) 

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ