ᠴᠢᠬᠤᠯᠠ ᠮᠡᠳᠡᠭᠡᠯᠡᠯ
ᠥᠪᠥᠷ ᠮᠣᠩᠭᠣᠯ 6 ᠵᠦᠢᠯ ᠦᠨ ᠢᠨᠵᠧᠨᠧᠷᠢᠩ ᠨᠢ ᠳᠤᠮᠳᠠᠳᠤ ᠮᠣᠩᠭᠣᠯ ᠡᠮ ᠡᠮᠨᠡᠯᠭᠡ ᠶᠢᠨ ᠦᠢᠯᠡᠰ ᠟ ᠢ ᠲᠦᠯᠬᠢᠨ ᠬᠥᠭᠵᠢᠭᠦᠯᠦᠨ᠎ᠡ
2018.03.02 ᠲᠣᠰ ᠥᠷᠲᠡᠭᠡᠨ ᠦ ᠨᠠᠢᠷᠠᠭᠤᠯᠤᠭᠴᠢ

2 ᠰᠠᠷ᠎ᠠ ᠶᠢᠨ 13  ᠤ ᠡᠳᠦᠷ ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠲᠥᠯᠥᠪᠯᠡᠭᠡᠲᠦ ᠦᠷᠡᠵᠢᠯ ᠦᠨ ᠠᠵᠢᠯ ᠤᠨ ᠬᠣᠷᠢᠶ᠎ᠠ ᠠᠴᠠ ᠣᠶᠢᠯᠠᠭᠠᠭᠰᠠᠨ ᠢᠶᠠᠷ ᠂ ᠡᠨᠡ ᠵᠢᠯ ᠮᠠᠨ ᠤ ᠣᠷᠣᠨ ᠦᠷᠭᠦᠯᠵᠢᠯᠡᠨ ᠲᠦᠯᠬᠢᠨ ᠠᠬᠢᠭᠤᠯᠵᠤ ᠂ ᠮᠣᠩᠭᠣᠯ ᠡᠮ ᠡᠮᠨᠡᠯᠭᠡ  ᠢᠢ ᠮᠠᠨᠳᠤᠭᠤᠯᠤᠨ ᠬᠥᠭᠵᠢᠭᠦᠯᠬᠦ ᠂ ᠂ ᠵᠢᠷᠭᠤᠭᠠᠨ ᠶᠡᠬᠡ ᠢᠨᠵᠧᠨᠧᠷᠢᠩ  ᠢ ᠶᠡᠬᠡᠪᠡᠷ ᠲᠦᠯᠬᠢᠨ  ᠠᠬᠢᠭᠤᠯᠤᠨ᠎ᠠ ᠃

ᠨᠢᠭᠡ ᠳᠦ ᠂ ᠦᠢᠯᠡᠴᠢᠯᠡᠭᠡᠨ ᠦ ᠰᠢᠰᠲ᠋ᠧᠮ ᠦᠨ ᠪᠠᠶᠢᠭᠤᠯᠤᠯᠲᠠ ᠶᠡᠬᠡᠪᠡᠷ ᠲᠦᠯᠬᠢᠨ ᠠᠬᠢᠭᠤᠯᠵᠤ ᠂᠃ ᠣᠯᠠᠨ ᠤᠯᠤᠰ ᠤᠨ ᠮᠣᠩᠭᠣᠯ ᠡᠮᠨᠡᠯᠭᠡ ᠶᠢᠨ  ᠬᠣᠷᠢᠶᠠᠨ ᠤ ᠬᠣᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠦ ᠂ ᠬᠣᠰᠢᠭᠤ ᠰᠢᠶᠠᠨ ᠤ ᠮᠣᠩᠭᠣᠯ ᠬᠢᠲᠠᠳ ᠡᠮᠨᠡᠯᠭᠡ ᠶᠢᠨ ᠬᠣᠷᠢᠶ᠎ᠠ ᠶᠢᠨ ᠪᠦᠲᠥᠭᠡᠨ ᠪᠠᠶᠢᠭᠤᠯᠤᠯᠲᠠ  ᠢ ᠲᠥᠯᠬᠢᠨ ᠠᠬᠢᠭᠤᠯᠬᠤ ᠂ ᠦᠨᠳᠦᠰᠦᠨ ᠱᠠᠲᠤᠨ᠟  ᠤ ᠮᠣᠩᠭᠣᠯ ᠬᠢᠲᠠᠳᠡᠮ ᠡᠮᠨᠡᠯᠭᠡ  ᠶᠢᠨ ᠦᠢᠯᠡᠴᠢᠯᠡᠭᠡᠨ ᠦ ᠴᠢᠳᠠᠪᠤᠷᠢ ᠶᠢ ᠳᠡᠭᠡᠭᠰᠢᠯᠡᠭᠦᠯᠬᠦ  ᠃ ᠬᠣᠶᠠᠷ ᠲᠤ᠂ ᠰᠢᠨ᠎ᠡ ᠶᠢ ᠡᠭᠦᠳᠬᠦ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ ᠃ ᠰᠢᠨ᠎ᠡ ᠶᠢ ᠡᠭᠦᠳᠬᠦ ᠢᠨᠵᠧᠨᠧᠷᠢᠩ ᠢ ᠡᠬᠢᠯᠡᠭᠦᠯᠵᠦ ᠂ ᠬᠢᠲᠠᠳ ᠡᠮ ᠡᠮᠨᠡᠯᠭᠡ ᠶᠢ ᠵᠠᠯᠭᠠᠮᠵᠢᠯᠠᠬᠤ ᠂  ᠰᠢᠨᠵᠢᠯᠡᠭᠡᠨ ᠦ ᠰᠠᠯᠠᠭ᠎ᠠ ᠶᠢᠨ ᠪᠠᠶᠢᠭᠤᠯᠤᠯᠲᠠ ᠪᠠ ᠲᠤᠰᠬᠠᠶ ᠮᠡᠷᠭᠡᠵᠢᠯ ᠦᠨ ᠲᠤᠰᠬᠠᠶ ᠡᠪᠡᠳᠴᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢ  ᠴᠢᠩᠭᠠᠷᠠᠭᠤᠯᠵᠤ ᠂ ᠣᠷᠣᠨ ᠤ ᠮᠣᠩᠭᠣᠯ  ᠬᠢᠲᠠᠳ ᠡᠮᠨᠡᠯᠭᠡ ᠶᠢᠨ ( ᠲᠤᠰᠬᠠᠶ ᠮᠡᠷᠭᠡᠵᠢᠯ ᠦᠨ ᠠᠩᠭᠢ ) ᠣᠨᠣᠰᠢᠯᠠᠨ ᠡᠮᠨᠡᠬᠦ ᠲᠥᠪ ᠪᠠ ᠬᠦᠨᠳᠦ ᠶᠡᠬᠡ ᠬᠦᠴᠢᠷ ᠲᠦᠪᠡᠭᠲᠡᠶ ᠡᠪᠡᠳᠴᠢᠨ ᠡᠮᠭᠡᠭ  ᠶᠢ ᠬᠠᠮᠵᠢᠯᠴᠠᠬᠤ  ᠨᠢᠭᠡᠴᠡ ᠪᠠᠶᠢᠷᠢᠰᠢᠯ  ᠢ ᠪᠦᠲᠦᠭᠡᠨ ᠥᠷᠨᠢᠭᠦᠯᠦᠨ ᠂ ᠮᠣᠩᠭᠣᠯ  ᠬᠢᠲᠠᠳ ᠡᠮ ᠡᠮᠨᠡᠯᠭᠡ ᠶᠢᠨ ᠣᠨᠣᠰᠢᠯᠠᠨ  ᠮᠡᠷᠭᠡᠵᠢᠯ ᠟ᠢ  ᠪᠡᠷᠬᠡ ᠰᠡᠳᠦᠪ ᠢ ᠰᠢᠶᠳᠪᠦᠷᠢᠯᠡᠬᠦ ᠬᠡᠷᠡᠭᠲᠡᠶ ᠃ ᠭᠤᠷᠪᠠ ᠪᠣᠯ ᠵᠡᠷᠭᠡ ᠪᠡᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠃ ᠠᠯᠪᠠᠨ ᠠᠴᠠ ᠪᠠᠶᠢᠭᠤᠯᠤᠭᠰᠠᠨ ᠮᠣᠩᠭᠣᠯ  ᠬᠢᠲᠠᠳ ᠡᠮᠨᠡᠯᠭᠡ ᠶᠢᠨ ᠬᠣᠷᠢᠶᠠᠨ ᠤ᠋ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠬᠢᠨᠠᠨ ᠰᠢᠯᠭᠠᠬᠤ  ᠶᠢᠲᠦᠷᠭᠡᠪᠴᠢᠯᠡᠨ ᠠᠬᠢᠭᠤᠯᠵᠤ ᠂ ᠣᠨᠴᠠᠯᠢᠭ ᠪᠦᠬᠦᠢ ᠳᠠᠪᠠᠭᠤᠯᠢᠭ ᠲᠠᠯ᠎ᠠ ᠪᠠᠨ ᠪᠠᠳᠠᠷᠠᠭᠤᠯᠵᠤ᠂ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂  ᠮᠣᠩᠭᠣᠯ  ᠬᠢᠲᠠᠳ ᠡᠮ ᠡᠮᠨᠡᠯᠭᠡ  ᠶᠢᠨ ᠰᠢᠶᠠᠨ ᠰᠢᠶᠠᠩ ᠭᠠᠴᠠᠭ᠎ᠠ  ᠶᠢ ᠨᠢᠭᠡ ᠴᠤᠭᠴᠠᠵᠢᠭᠤᠯᠤᠨ ᠬᠠᠮᠢᠶᠠᠷᠬᠤ ᠂ ᠮᠣᠩᠭᠣᠯ  ᠬᠢᠲᠠᠳ ᠡᠮᠨᠡᠯᠭᠡ ᠶᠢᠨ ᠴᠢᠳᠠᠪᠤᠷᠢᠲᠠᠨ ᠤ ᠵᠠᠬ᠎ᠠ ᠳᠡᠯᠭᠡᠭᠦᠷ ᠲᠦ ᠣᠷᠣᠬᠤ ᠶᠢ ᠵᠥᠪᠰᠢᠶᠡᠷᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ ᠃ ᠲᠦᠷᠪᠡ ᠳᠦ ᠂ ᠴᠢᠳᠠᠪᠤᠷᠢᠲᠠᠨ ᠤ ᠡᠩᠨᠡᠭᠡᠨ ᠦ ᠪᠠᠶᠢᠭᠤᠯᠤᠯᠲᠠ ᠶᠢ ᠴᠢᠩᠭᠠᠳᠬᠠᠵᠤ ᠪᠠᠶᠢᠨ᠎ᠠ ᠃ ᠤᠯᠤᠰ ᠤᠨ ᠬᠢᠲᠠᠳ ᠡᠮ ᠡᠮᠨᠡᠯᠭᠡ ᠶᠢ ᠵᠠᠯᠭᠠᠮᠵᠢᠯᠠᠬᠤ ᠪᠠ ᠰᠢᠨ᠎ᠡ ᠶᠢ ᠡᠭᠦᠳᠬᠦ 《 ᠵᠠᠭᠤ ᠮᠢᠩᠭ᠎ᠠ ᠲᠦᠮᠡᠨ 》 ᠴᠢᠳᠠᠪᠤᠷᠢᠲᠠᠨ ᠤ ᠢᠨᠵᠧᠨᠧᠷᠢᠩ ( ᠬᠢᠲᠠᠳ ᠡᠮᠨᠡᠯᠭᠡ ᠶᠢᠨ ᠤᠬᠠᠭᠠᠨ ᠢᠨᠵᠧᠨᠧᠷᠢᠩ )ᠭᠦᠨᠵᠡᠭᠡᠶ ᠬᠡᠷᠡᠭᠵᠢᠭᠦᠯᠵᠦ  ᠂ ᠮᠣᠩᠭᠣᠯ  ᠡᠮᠨᠡᠯᠭᠡ ᠶᠢᠨ ᠡᠮᠴᠢᠯᠡᠬᠦ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ  ᠢᠶᠡᠨ ᠤᠯᠠᠮ ᠨᠢᠭᠡ ᠠᠯᠬᠤᠮ ᠳᠥᠯᠭᠢᠨ ᠠᠬᠢᠭᠤᠯᠬᠤ ᠪᠠ ᠨᠡᠷᠡᠳᠦ ᠲᠤᠰᠬᠠᠶ ᠮᠡᠷᠭᠡᠵᠢᠯᠲᠡᠨ᠟     ᠤ ᠡᠷᠳᠡᠮ ᠰᠢᠨᠵᠢᠯᠡᠭᠡᠨ ᠟ ᠲᠤᠷᠰᠢᠯᠭ᠎ᠠ ᠶᠢ ᠵᠠᠯᠭᠠᠮᠵᠢᠯᠠᠬᠤ  ᠃ ᠲᠠᠪᠤ ᠳᠤ ᠂ ᠡᠷᠡᠭᠦᠯ ᠮᠡᠨᠳᠦ ᠶᠢ ᠠᠬᠢᠭᠤᠯᠬᠤ  ᠠᠵᠤ ᠦᠢᠯᠡᠰ ᠢ ᠬᠥᠭᠵᠢᠭᠦᠯᠬᠦ  ᠃ 《 ᠡᠪᠡᠳᠴᠢᠯᠡᠭᠡᠳᠦᠶ ᠪᠡᠷ ᠵᠠᠰᠠᠬᠤ 》 ᠢᠨᠵᠧᠨᠧᠷᠢᠩ ᠢ ᠭᠦᠨᠵᠡᠭᠡᠶ ᠲᠦᠯᠬᠢᠨ ᠠᠬᠢᠭᠤᠯᠵᠤ ᠂ ᠮᠣᠩᠭᠣᠯ  ᠬᠢᠲᠠᠳ ᠡᠮ ᠡᠮᠨᠡᠯᠭᠡ ᠶᠢᠨ  ᠪᠡᠶ᠎ᠡ ᠪᠡᠨ ᠰᠤᠪᠢᠯᠠᠨ ᠡᠷᠡᠭᠦᠯᠵᠢᠭᠦᠯᠬᠦ  ᠶᠢ ᠬᠥᠭᠵᠢᠭᠦᠯᠬᠦ ᠂ ᠡᠷᠡᠭᠦᠯ ᠮᠡᠨᠳᠤ ᠨᠠᠰᠤᠵᠢᠯ ᠤᠨ ᠠᠰᠠᠷᠠᠮᠵᠢ ᠪᠠ ᠡᠷᠡᠭᠦᠯ ᠮᠡᠨᠳᠥ ᠶᠢ  ᠵᠢᠭᠤᠯᠴᠢᠯᠠᠵᠤ ᠂ ᠨᠡᠶᠢᠭᠡᠮ ᠦᠨ ᠤᠯᠠᠮᠵᠢᠯᠠᠯᠲᠤ ᠮᠣᠩᠭᠣᠯ  ᠬᠢᠲᠠᠳ ᠡᠮᠨᠡᠯᠭᠡ ᠶᠢᠨ ᠡᠮᠴᠢᠯᠡᠬᠦ ᠭᠠᠵᠠᠷ  ᠢ  ᠡᠷᠬᠢᠯᠡᠨ᠎ᠡ᠃ᠵᠢᠷᠭᠤᠭ᠎ᠠ ᠳᠤ ᠂ ᠭᠠᠳᠠᠭᠠᠳᠤ ᠲᠠᠶ ᠰᠣᠯᠢᠯᠴᠠᠭ᠎ᠠ ᠬᠢᠬᠦ ᠪᠠ ᠬᠠᠮᠲᠤᠷᠠᠨ ᠰᠠᠶᠢᠲᠤᠷ  ᠬᠢᠨ᠎ᠡ᠃ ᠬᠢᠯᠢ ᠶᠢᠨ ᠭᠠᠳᠠᠨᠠᠬᠢ ᠬᠥᠮᠦᠰ ᠮᠠᠨ ᠤ ᠣᠷᠣᠨ ᠳᠤ ᠡᠮᠴᠢᠯᠡᠭᠦᠯᠵᠦ ᠂ ᠪᠡᠶ᠎ᠡ ᠶᠢᠨ ᠪᠠᠶᠢᠴᠠᠭᠠᠯᠲᠠ  ᠬᠢᠬᠦ ᠠᠵᠢᠯᠯᠠᠭ᠎ᠠ ᠶᠢ ᠰᠠᠢᠲᠤᠷ ᠬᠢᠵᠤ᠂ ᠲᠥᠯᠥᠪᠯᠡᠭᠡ ᠲᠡᠶ  ᠪᠡᠷ ᠮᠣᠩᠭᠣᠯ ᠡᠮᠨᠡᠯᠭᠡ ᠶᠢᠨ ᠲᠤᠰᠬᠠᠶ ᠮᠡᠷᠭᠡᠵᠢᠯᠲᠡᠨ ᠢ ᠮᠣᠩᠭᠣᠯ ᠤᠯᠤᠰ ᠲᠤ ᠲᠣᠮᠢᠯᠠᠨ ᠣᠴᠢᠵᠤ ᠡᠮᠨᠡᠬᠦ ᠠᠯᠪᠠᠨ ᠵᠢᠷᠤᠮ ᠤᠨ ᠠᠵᠢᠯᠯᠠᠭ᠎ᠠ ᠥᠷᠨᠢᠭᠦᠯᠵᠦ  ᠠᠬᠢᠭᠤᠯᠠᠨ᠎ᠠ᠃ ᠳᠤᠮᠳᠠᠳᠤ ᠣᠷᠣᠰ ᠮᠣᠩᠭᠣᠯ ᠤᠨ ᠬᠣᠭᠣᠷᠣᠨᠳᠣᠬᠢ ᠤᠯᠠᠮᠵᠢᠯᠠᠯᠲᠤ ᠠᠨᠠᠭᠠᠬᠤ ᠤᠬᠠᠭᠠᠨ ᠤ ᠰᠣᠯᠢᠯᠴᠠᠭ᠎ᠠ  ᠶᠢ ᠶᠠᠪᠤᠭᠳᠠᠵᠤ᠂ ᠨᠠᠶᠮᠠᠨ ᠮᠤᠵᠢ ᠣᠷᠣᠨ ᠤ ᠮᠣᠩᠭᠣᠯ ᠡᠮ ᠡᠮᠨᠡᠯᠭᠡ ᠶᠢᠨ ᠡᠷᠳᠡᠮ ᠰᠢᠨᠵᠢᠯᠡᠭᠡᠨ ᠦ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠶᠠᠪᠤᠳᠠᠯ ᠢ ᠠᠬᠢᠭᠤᠯᠬᠤ ᠬᠡᠷᠡᠭᠲᠡᠶ ᠃

 ᠣᠶᠢᠯᠠᠭᠠᠭᠰᠠᠨ ᠢᠶᠠᠷ ᠂ ᠥᠩᠭᠡᠷᠡᠭᠰᠡᠨ 5 ᠵᠢᠯ ᠦᠨ ᠬᠤᠭᠤᠴᠠᠭᠠᠨ ᠳᠤ  ᠮᠠᠨ ᠤ ᠣᠷᠣᠨ ᠤ ᠮᠣᠩᠭᠣᠯ ᠬᠢᠲᠠᠳ ᠧᠦ᠋ᠷᠣᠫᠠ ᠵᠡᠷᠭᠡ ᠟ᠳᠤᠨᠢ ᠴᠢᠬᠤᠯᠠᠴᠢᠯᠠᠬᠤ ᠂ ᠮᠣᠩᠭᠣᠯ ᠡᠮ ᠡᠮᠨᠡᠯᠭᠡ  ᠶᠢ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ ᠂ ᠣᠳᠣᠬᠠᠨ ᠪᠣᠯᠲᠠᠯ᠎ᠠ ᠂ ᠠᠯᠪᠠᠨ ᠠᠴᠠ ᠪᠠᠶᠢᠭᠤᠯᠤᠭᠰᠠᠨ ᠮᠣᠩᠭᠣᠯ ᠬᠢᠲᠠᠳ ᠡᠮᠨᠡᠯᠭᠡ ᠶᠢᠨ ᠬᠣᠷᠢᠶᠠᠨ 122 ᠬᠦᠷᠴᠦ ᠂ ᠡᠪᠡᠳᠴᠢᠲᠡᠨ ᠦ ᠣᠷᠣ ᠬᠥᠭᠵᠢᠭᠡᠳ 2. 3 ᠲᠦᠮᠡᠨ ᠂ ᠲᠤᠰᠬᠠᠶ ᠮᠡᠷᠭᠡᠵᠢᠯ ᠦᠨ ᠠᠵᠢᠯᠳᠠᠨ ᠨᠡᠮᠡᠭᠳᠡᠭᠡᠳ 2 ᠲᠦᠮᠡ ᠭᠠᠷᠤᠶ  ᠬᠥᠮᠦᠨ ᠂ ᠰᠠᠭᠤᠷᠢ ᠨᠥᠬᠥᠴᠡᠯ ᠢᠯᠡᠳᠲᠡ ᠰᠠᠶᠢᠵᠢᠷᠠᠪᠠ ᠃ ᠮᠣᠩᠭᠣᠯ ᠡᠮ ᠡᠮᠨᠡᠯᠭᠡ ᠶᠢᠨ ᠪᠠᠷᠢᠮᠵᠢᠶ᠎ᠠ ᠨᠢ 9 ᠂ ᠤᠯᠤᠰ ᠤᠨ ᠡᠮᠴᠢᠯᠡᠭᠡᠨ  ᠤ  ᠭᠣᠣᠯᠳᠠᠯᠭ᠎ᠠ ᠲᠠᠶ ᠲᠤᠰᠬᠠᠶ ᠡᠮᠨᠡᠯᠭᠡ 11 ᠂ ᠭᠣᠸᠯᠳᠠᠯᠭ᠎ᠠ ᠪᠣᠯᠬᠤ ᠰᠢᠨᠵᠢᠯᠡᠭᠡᠨ ᠦ ᠲᠥᠷᠥᠯ 12 ᠂ ᠭᠣᠣᠯᠳᠠᠯᠭ᠎ᠠ ᠲᠠᠶ ᠲᠤᠰᠬᠠᠶ ᠰᠠᠯᠠᠭ᠎ᠠ ᠲᠤᠰᠬᠠᠶ ᠡᠪᠡᠳᠴᠢᠨ 27  ᠶᠢ ᠤᠷᠢᠳ ᠬᠣᠵᠢᠳ  ᠨᠠᠢᠲᠠᠯᠠᠵᠢ ᠂᠂  ᠵᠡᠭᠡᠮᠦᠳᠡ ᠪᠣᠯᠤᠨ ᠪᠤᠤ ᠵᠢᠢᠨ ᠱᠠᠨ ᠬᠣᠶᠠᠷ ᠮᠣᠩᠭᠣᠯ ᠡᠮᠨᠡᠯᠭᠡ ᠶᠢᠨ ᠲᠤᠰᠬᠠᠶ ᠮᠡᠷᠭᠡᠵᠢᠯᠲᠡᠨ 《  ᠤᠯᠤᠰ ᠤᠨ ᠡᠮᠨᠡᠯᠭᠡ ᠶᠡᠬᠡ ᠪᠠᠭᠰᠢ 》 ᠭᠡᠬᠦ ᠢᠷᠠᠭᠤ ᠠᠯᠳᠠᠷᠲᠤ ᠴᠣᠯᠠ ᠣᠯᠭᠣᠪᠠ ᠃ ᠮᠣᠩᠭᠣᠯ ᠡᠮ ᠡᠮᠨᠡᠯᠭᠡ  ᠣᠯᠠᠨ ᠤᠯᠤᠰ ᠤᠨ ᠬᠣᠯᠪᠣᠭᠠᠲᠤ ᠪᠠᠶᠢᠭᠤᠯᠤᠯᠭ᠎ᠠ  ᠶᠢᠨ ᠶᠠᠷᠢᠶᠠᠨ ᠤ ᠲᠠᠪᠴᠠᠩ  ᠲᠤ ᠭᠠᠷᠴᠤ᠂ ᠭᠠᠳᠠᠭᠠᠳᠤ ᠯᠤᠭ᠎ᠠ ᠰᠣᠯᠢᠯᠴᠠᠭ᠎ᠠ ᠬᠢᠬᠦ ᠠᠵᠢᠯ ᠢ ᠦᠷᠭᠦᠯᠵᠢᠯᠡᠨ ᠥᠷᠨᠢᠭᠦᠯᠵᠦ ᠂ ᠮᠣᠩᠭᠣᠯ ᠡᠮ ᠡᠮᠨᠡᠯᠭᠡ ᠨᠢ ᠮᠠᠨ ᠤ ᠣᠷᠣᠨ ᠤ ᠡᠷᠡᠭᠦᠯ ᠬᠠᠮᠠᠭᠠᠯᠠᠯ ᠤᠨ ᠲᠥᠯᠥᠪᠯᠡᠭᠡᠲᠦ ᠦᠷᠡᠵᠢᠯ ᠦᠨ ᠠᠵᠢᠯ ᠤᠨ ᠨᠢᠭᠡ ᠣᠨᠴᠠᠯᠢᠭ ᠪᠠ ᠲᠥᠷᠥᠯ ᠲᠡᠮᠳᠡᠭ  ᠪᠣᠯᠪᠠ᠃ ( ᠰᠤᠷᠪᠤᠯᠵᠢᠯᠠᠭᠴᠢ ‍ᠳ᠋ᠤᠸᠠᠨ ᠯᠢ ᠫᠢᠩ )

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ