ᠴᠢᠬᠤᠯᠠ ᠮᠡᠳᠡᠭᠡᠯᠡᠯ
ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ
2018.03.12 ᠲᠣᠰ ᠥᠷᠲᠡᠭᠡᠨ ᠦ ᠨᠠᠢᠷᠠᠭᠤᠯᠤᠭᠴᠢ

    (2018 ᠣᠨ ᠤ 3 ᠰᠠᠷ᠎ᠠ ᠶᠢᠨ 11 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠪᠠᠳᠤᠯᠠᠪᠠ)  ᠭᠤᠴᠢᠨ ᠬᠤᠶᠠᠳᠤᠭᠠᠷ ᠵᠦᠢᠯ ᠦᠨᠳᠦᠰᠦᠨ ᠬᠠᠤᠯᠢ ᠶᠢᠨ ᠤᠷᠤᠰᠢᠯ ᠤᠨ ᠲᠤᠯᠤᠳᠤᠭᠠᠷ ᠤᠯᠠᠭᠠᠨ ᠮᠦᠷ ᠲᠠᠬᠢ《ᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ ᠪᠤᠯᠤᠨ<ᠭᠤᠷᠪᠠ ᠶᠢ ᠲᠦᠯᠥᠬᠡᠯᠡᠬᠦ> ᠴᠢᠬᠤᠯᠠ ᠦᠵᠡᠯ ᠰᠠᠨᠠᠭ᠎ᠠ ᠶᠢᠨ ᠵᠢᠯᠤᠭᠤᠳᠤᠯᠭ᠎ᠠ ᠲᠤᠤᠷ᠎ᠡ》 ᠬᠡᠳᠡᠭ ᠢ 《ᠮᠠᠷᠺᠰᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ <ᠭᠤᠷᠪᠠ ᠶᠢᠲᠦᠯᠥᠬᠡᠯᠡᠬᠦ>ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤᠵᠢᠯᠤᠭᠤᠳᠤᠯᠭ᠎ᠠ ᠲᠤᠤᠷ᠎ᠡ》ᠬᠡᠵᠥ ᠵᠠᠰᠠᠪᠤᠷᠢ ᠤᠷᠤᠭᠤᠯᠪᠠ︔ 《ᠨᠡᠶᠢᠬᠡᠮ ᠵᠢᠷᠤᠮ ᠤᠨ ᠬᠠᠤᠯᠢ ᠲᠦᠷᠢᠮ ᠢᠲᠡᠬᠦᠯᠳᠡᠷᠵᠢᠬᠦᠯᠵᠥ ᠬᠡᠳᠡᠭ ᠢ 》ᠨᠡᠶᠢᠬᠡᠮ ᠵᠢᠷᠤᠮ ᠤᠨ ᠬᠠᠤᠯᠢᠵᠢᠯ ᠢ ᠲᠡᠬᠦᠯᠳᠡᠷᠵᠢᠬᠦᠯᠵᠥ ᠬᠡᠵᠥ ᠵᠠᠰᠠᠪᠤᠷᠢᠤᠷᠤᠭᠤᠯᠪᠠ︔ 《ᠦᠪᠡᠷ ᠤᠨ ᠬᠦᠴᠦ ᠪᠠᠷ ᠢᠶᠠᠨ ᠲᠡᠭᠵᠢᠷᠡᠵᠥ᠂ ᠲᠡᠰᠪᠤᠷᠢ ᠬᠠᠳᠠᠭᠤᠵᠢᠯᠳᠠᠢ ᠲᠡᠮᠡᠴᠡᠵᠥ》 ᠬᠡᠳᠡᠭ ᠤᠨ ᠡᠮᠤᠨ᠎ᠡ 《ᠰᠢᠨ᠎ᠡ ᠬᠦᠭᠵᠢᠯᠳᠡ ᠶᠢᠨ ᠣᠨᠣᠯᠵᠢᠬᠤᠨ ᠢ ᠲᠤᠤᠱᠯᠠᠭᠤᠯᠵᠥ》 ᠬᠡᠵᠥ ᠨᠡᠮᠡᠵᠥ ᠤᠷᠤᠭᠤᠯᠪᠠ︔ 《ᠪᠤᠳᠠᠰ ᠤᠨ ᠪᠤᠯᠪᠠᠰᠤᠨ᠂ ᠤᠯᠤᠰ ᠲᠦᠷᠦ ᠶᠢᠨ ᠪᠤᠯᠪᠠᠰᠤᠨ ᠪᠤᠯᠤᠨ ᠤᠶᠤᠨ ᠤ ᠪᠤᠯᠪᠠᠰᠤᠨ ᠤ ᠵᠤᠬᠢᠴᠠᠩᠭᠤᠢᠬᠦᠭᠵᠢᠯᠳᠡ ᠶᠢ ᠠᠬᠢᠭᠤᠯᠵᠥ᠂ ᠮᠠᠨ ᠤ ᠤᠯᠤᠰ ᠢᠶᠠᠨ ᠪᠠᠶᠠᠨ ᠬᠦᠴᠦᠷᠭᠡᠭ᠂ ᠠᠷᠠᠳᠴᠢᠯᠠᠭᠰᠠᠠ᠂ ᠪᠤᠯᠪᠠᠰᠤᠨᠨᠡᠶᠢᠬᠡᠮ ᠵᠢᠷᠤᠮᠳᠤ ᠤᠯᠤᠰ ᠪᠤᠯᠭᠠᠨ ᠪᠦᠳᠦᠭᠡᠨ ᠪᠠᠶᠢᠭᠤᠯᠤᠨ᠎ᠠ》ᠬᠡᠳᠡᠭ ᠢ ᠪᠤᠳᠠᠰ ᠤᠨ ᠪᠤᠯᠪᠠᠰᠤᠨ᠂ ᠤᠯᠤᠰᠲᠦᠷᠦ ᠶᠢᠨ ᠪᠤᠯᠪᠠᠰᠤᠨ᠂ ᠤᠶᠤᠨ ᠤ ᠪᠤᠯᠪᠠᠰᠤᠨ᠂ ᠨᠡᠶᠢᠬᠡᠮ ᠤᠨ ᠪᠤᠯᠪᠠᠰᠤᠨ᠂ ᠠᠮᠢ ᠠᠬᠤᠢ ᠶᠢᠨ ᠪᠤᠯᠪᠠᠰᠤᠨ ᠤᠵᠤᠬᠢᠴᠠᠩᠭᠤᠢ ᠬᠦᠭᠵᠢᠯᠳᠡ ᠶᠢ ᠠᠬᠢᠭᠤᠯᠵᠥ᠂ ᠮᠠᠨ ᠤ ᠤᠯᠤᠰ ᠢᠶᠠᠨ ᠪᠠᠶᠠᠨ ᠬᠦᠴᠦᠷᠭᠡᠭ ᠠᠷᠠᠳᠴᠢᠯᠠᠭᠰᠠᠠᠪᠤᠯᠪᠠᠰᠤᠨ ᠡᠶ᠎ᠡ ᠵᠤᠬᠢᠴᠠᠩᠭᠤᠢ ᠦᠵᠡᠰᠬᠦᠯᠡᠩᠳᠤ ᠰᠠᠶᠢᠬᠠᠨ ᠨᠡᠶᠢᠬᠡᠮ ᠵᠢᠷᠤᠮ ᠤᠨ ᠤᠳᠤᠬᠢᠴᠢᠯᠠᠭᠰᠠᠠ ᠬᠦᠴᠦᠷᠭᠡᠭᠤᠯᠤᠰ ᠪᠤᠯᠭᠠᠨ ᠪᠦᠳᠦᠭᠡᠨ ᠪᠠᠶᠢᠭᠤᠯᠵᠥ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠪᠡᠶᠡᠯᠡᠬᠦᠯᠥᠨ᠎ᠡ︾ ᠬᠡᠵᠥ ᠵᠠᠰᠠᠪᠤᠷᠢ ᠤᠷᠤᠭᠤᠯᠪᠠ᠃ ᠡᠨᠡᠬᠦ ᠤᠯᠠᠭᠠᠨ ᠮᠦᠷ ᠢ᠄ 《ᠲᠤᠮᠳᠠᠳᠤ ᠤᠯᠤᠰ ᠤᠨ ᠰᠢᠨ᠎ᠡᠠᠷᠠᠳᠴᠢᠯᠠᠭᠰᠠᠠ ᠬᠤᠪᠢᠰᠬᠠᠯ ᠤᠨ ᠢᠯᠠᠯᠳᠡ ᠪᠠ ᠨᠡᠶᠢᠬᠡᠮ ᠵᠢᠷᠤᠮᠳᠤ ᠦᠢᠯᠡᠰ ᠤᠨ ᠠᠮᠵᠢᠯᠳᠠ ᠶᠢ ᠪᠤᠯ ᠲᠤᠮᠳᠠᠳᠤᠤᠯᠤᠰ ᠤᠨ ᠡᠪ ᠬᠠᠮᠳᠤ ᠨᠠᠮ ᠲᠤᠮᠳᠠᠳᠤ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢᠤᠳᠤᠷᠢᠳᠤᠨ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭᠠᠨ ᠤ ᠵᠢᠯᠤᠭᠤᠳᠤᠯᠭ᠎ᠠ ᠲᠤᠤᠷ᠎ᠡ᠂ᠦᠨᠡᠨ ᠶᠤᠰᠤ ᠶᠢ ᠪᠠᠷᠢᠮᠳᠠᠯᠠᠨ᠂ ᠠᠯᠳᠠᠭ᠎ᠠ ᠪᠤᠷᠤᠭᠤ ᠪᠠᠨ ᠵᠠᠯᠠᠷᠠᠭᠤᠯᠵᠥ᠂ ᠮᠠᠰᠢ ᠤᠯᠠᠨ ᠬᠦᠴᠢᠷ ᠪᠡᠷᠬᠡᠰᠢᠶᠡᠯᠬᠠᠷᠰᠢ ᠰᠠᠭᠠᠳ ᠢ ᠢᠯᠠᠨ ᠲᠠᠪᠠᠵᠥ ᠪᠠᠶᠢᠭᠠᠳ ᠤᠯᠤᠭᠰᠠᠠ ᠶᠤᠮ᠃ ᠮᠠᠨ ᠤ ᠤᠯᠤᠰ ᠨᠡᠶᠢᠬᠡᠮ ᠵᠢᠷᠤᠮ ᠤᠨ ᠠᠩᠬᠠᠨ ᠤ ᠱᠠᠳᠤᠨ ᠳᠤ ᠤᠷᠳᠤ ᠬᠤᠭᠤᠴᠠᠭ᠎ᠠ ᠪᠠᠷ ᠤᠷᠤᠰᠢᠬᠤ ᠪᠤᠯᠤᠨ᠎ᠠ᠃ ᠤᠯᠤᠰ ᠤᠨ ᠦᠨᠳᠦᠰᠦᠨ ᠡᠬᠦᠷᠬᠡ ᠪᠤᠯᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠵᠠᠮ ᠢᠶᠠᠷ᠂ ᠬᠦᠴᠦ ᠪᠠᠨ ᠲᠦᠪᠯᠡᠷᠡᠬᠦᠯᠥᠨ ᠨᠡᠶᠢᠬᠡᠮᠵᠢᠷᠤᠮ ᠤᠨ ᠤᠳᠤᠬᠢᠴᠢᠯᠠᠯᠲᠠ ᠶᠢᠨ ᠪᠦᠳᠦᠭᠡᠨ ᠪᠠᠶᠢᠭᠤᠯᠤᠯᠳᠠ ᠶᠢ ᠬᠢᠬᠦ ᠶᠠᠪᠤᠳᠠᠯ ᠪᠤᠯᠤᠨ᠎ᠠ᠃ ᠲᠤᠮᠳᠠᠳᠤ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠦᠷᠬᠦᠯᠵᠢᠯᠡᠨ ᠲᠤᠮᠳᠠᠳᠤ ᠤᠯᠤᠰ ᠤᠨ ᠡᠪ ᠬᠠᠮᠳᠤ ᠨᠠᠮ ᠤᠨᠤᠳᠤᠷᠢᠳᠤᠯᠭ᠎ᠠ ᠲᠤᠤᠷ᠎ᠡ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤᠫᠢᠩ ᠤᠨ ᠤᠨᠤᠯ᠂ <ᠭᠤᠷᠪᠠ ᠶᠢ ᠲᠦᠯᠥᠬᠡᠯᠡᠬᠦ> ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢᠬᠦᠭᠵᠢᠯᠳᠡ ᠶᠢᠨ ᠦᠵᠡᠯᠳᠡ᠂ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠯᠭ᠎ᠠ ᠲᠤᠤᠷ᠎ᠡ᠂ ᠠᠷᠠᠳ ᠤᠨᠠᠷᠠᠳᠴᠢᠯᠠᠭᠰᠠᠠ ᠲᠠᠷᠤᠩᠭᠤᠶᠢᠯᠠᠬᠤ ᠵᠠᠰᠠᠭ ᠢ ᠪᠠᠷᠢᠮᠳᠠᠯᠠᠨ᠂ ᠨᠡᠶᠢᠬᠡᠮ ᠵᠢᠷᠤᠮ ᠤᠨ ᠵᠠᠮ ᠢ ᠪᠠᠷᠢᠮᠳᠠᠯᠠᠵᠥ᠂ᠦᠭᠡᠷᠡᠴᠢᠯᠡᠯᠳᠡ ᠨᠡᠬᠡᠬᠡᠯᠳᠡ ᠬᠢᠬᠦ ᠶᠢ ᠪᠠᠷᠢᠮᠳᠠᠯᠠᠵᠥ᠂ ᠨᠡᠶᠢᠬᠡᠮ ᠵᠢᠷᠤᠮ ᠤᠨ ᠲᠦᠷᠢᠮ ᠲᠤᠭᠳᠠᠭᠠᠯ ᠤᠳ ᠢᠲᠠᠰᠤᠷᠠᠯᠳᠡ ᠦᠭᠡᠢ ᠲᠡᠬᠦᠯᠳᠡᠷᠵᠢᠬᠦᠯᠵᠥ᠂ ᠨᠡᠶᠢᠬᠡᠮ ᠵᠢᠷᠤᠮ ᠤᠨ ᠵᠠᠬ᠎ᠠ ᠲᠡᠯᠬᠡᠬᠦᠷ ᠤᠨ ᠠᠵᠥ ᠠᠬᠤᠢ ᠶᠢᠬᠦᠭᠵᠢᠬᠦᠯᠥᠨ᠂ ᠨᠡᠶᠢᠬᠡᠮ ᠵᠢᠷᠤᠮ ᠤᠨ ᠠᠷᠠᠳᠴᠢᠯᠠᠯ ᠢ ᠬᠦᠭᠵᠢᠬᠦᠯᠵᠥ᠂ ᠨᠡᠶᠢᠬᠡᠮ ᠵᠢᠷᠤᠮ ᠤᠨ ᠬᠠᠤᠯᠢᠵᠢᠯ ᠢᠲᠡᠬᠦᠯᠳᠡᠷᠵᠢᠬᠦᠯᠵᠥ᠂ ᠰᠢᠨ᠎ᠡ ᠬᠦᠭᠵᠢᠯᠳᠡ ᠶᠢᠨ ᠣᠨᠣᠯᠵᠢᠬᠤᠨ ᠢ ᠲᠤᠤᠱᠯᠠᠭᠤᠯᠵᠥ᠂ ᠦᠪᠡᠷ ᠤᠨ ᠬᠦᠴᠦ ᠪᠠᠷ ᠢᠶᠠᠨᠲᠡᠭᠵᠢᠷᠡᠨ᠂ ᠲᠡᠰᠪᠤᠷᠢ ᠬᠠᠳᠠᠭᠤᠵᠢᠯᠳᠡᠢ ᠲᠡᠮᠡᠴᠡᠵᠥ ᠪᠠᠶᠢᠭᠠᠳ ᠠᠵᠥ ᠦᠢᠯᠡᠳᠪᠤᠷᠢ᠂ ᠬᠦᠳᠡᠭᠡ ᠠᠵᠥ ᠠᠬᠤᠢ᠂ᠤᠯᠤᠰ ᠤᠨ ᠪᠠᠳᠤᠯᠠᠨ ᠬᠠᠮᠠᠭᠠᠯᠠᠯᠳᠡ ᠪᠠ ᠰᠢᠨᠵᠢᠯᠡᠬᠦ ᠤᠬᠠᠭᠠᠨ ᠮᠡᠷᠬᠡᠵᠢᠯ ᠤᠨ ᠤᠳᠤᠬᠢᠴᠢᠯᠠᠯᠳᠠ ᠶᠢ ᠠᠯᠬᠤᠮᠠᠯᠬᠤᠮ ᠢᠶᠠᠷ ᠪᠡᠶᠡᠯᠡᠬᠦᠯᠵᠥ᠂ ᠪᠤᠳᠠᠰ ᠤᠨ ᠪᠤᠯᠪᠠᠰᠤᠨ᠂ ᠤᠯᠤᠰ ᠲᠦᠷᠦ ᠶᠢᠨ ᠪᠤᠯᠪᠠᠰᠤᠨ᠂ ᠤᠶᠤᠨ ᠤ ᠪᠤᠯᠪᠠᠰᠤᠨ᠂ ᠨᠡᠶᠢᠬᠡᠮ ᠤᠨ ᠪᠤᠯᠪᠠᠰᠤᠨ᠂ ᠠᠮᠢ ᠠᠬᠤᠢ ᠶᠢᠨ ᠪᠤᠯᠪᠠᠰᠤᠨ ᠤ ᠵᠤᠬᠢᠴᠠᠩᠭᠤᠢ ᠬᠦᠭᠵᠢᠯᠳᠡ ᠶᠢ ᠠᠬᠢᠭᠤᠯᠵᠥ᠂ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠠ ᠪᠤᠯᠪᠠᠰᠤᠨ ᠡᠶ᠎ᠡ ᠵᠤᠬᠢᠴᠠᠩᠭᠤᠢ ᠦᠵᠡᠰᠬᠦᠯᠡᠩᠳᠤ ᠰᠠᠶᠢᠬᠠᠨᠨᠡᠶᠢᠬᠡᠮ ᠵᠢᠷᠤᠮ ᠤᠨ ᠤᠳᠤᠬᠢᠴᠢᠯᠠᠭᠰᠠᠠ ᠬᠦᠴᠦᠷᠭᠡᠭ ᠤᠯᠤᠰ ᠪᠤᠯᠭᠠᠨ ᠪᠦᠳᠦᠭᠡᠨ ᠪᠠᠶᠢᠭᠤᠯᠵᠥ᠂ ᠲᠤᠮᠳᠠᠳᠤᠵᠢᠨ‌ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠥᠨ᠎ᠡ》 ᠬᠡᠵᠥ ᠬᠠᠷᠠᠭᠠᠯᠵᠠᠭᠤᠯᠤᠨ ᠵᠠᠰᠠᠪᠤᠷᠢᠤᠷᠤᠭᠤᠯᠪᠠ᠃     ᠭᠤᠴᠢᠨ ᠭᠤᠷᠪᠠᠳᠤᠭᠠᠷ ᠵᠦᠢᠯ ᠦᠨᠳᠦᠰᠦᠨ ᠬᠠᠤᠯᠢ ᠶᠢᠨ ᠤᠷᠤᠰᠢᠯ ᠤᠨ ᠠᠷᠪᠠᠳᠤᠭᠠᠷ ᠤᠯᠠᠭᠠᠨᠮᠦᠷ ᠲᠠᠬᠢ 《ᠤᠷᠳᠤ ᠬᠤᠭᠤᠴᠠᠭᠠᠨ ᠤ ᠬᠤᠪᠢᠰᠬᠠᠯ ᠪᠠ ᠪᠦᠳᠦᠭᠡᠨ ᠪᠠᠶᠢᠭᠤᠯᠤᠯᠳᠠ ᠶᠢᠨ ᠶᠠᠪᠤᠴᠠ ᠳᠤ》ᠬᠡᠳᠡᠭ ᠢ《ᠤᠷᠳᠤ ᠬᠤᠭᠤᠴᠠᠭᠠᠨ ᠤ ᠬᠤᠪᠢᠰᠬᠠᠯ᠂ ᠪᠦᠳᠦᠭᠡᠨ ᠪᠠᠶᠢᠭᠤᠯᠤᠯᠳᠠ᠂ ᠦᠭᠡᠷᠡᠴᠢᠯᠡᠯᠳᠡ ᠶᠢᠨ ᠶᠠᠪᠤᠴᠠ ᠳᠤ》ᠬᠡᠵᠥ ᠵᠠᠰᠠᠪᠤᠷᠢ ᠤᠷᠤᠭᠤᠯᠪᠠ︔ 《ᠪᠦᠬᠦ ᠨᠡᠶᠢᠬᠡᠮ ᠵᠢᠷᠤᠮᠳᠤ ᠬᠦᠳᠡᠯᠮᠤᠷᠢᠴᠢᠳ᠂ ᠨᠡᠶᠢᠬᠡᠮ ᠵᠢᠷᠤᠮᠳᠤ ᠦᠢᠯᠡᠰ ᠤᠨᠪᠦᠳᠦᠭᠡᠨ ᠪᠠᠶᠢᠭᠤᠯᠤᠭᠴᠢᠳ᠂ ᠨᠡᠶᠢᠬᠡᠮ ᠵᠢᠷᠤᠮ ᠢ ᠬᠦᠷᠢᠶᠡᠯᠡᠬᠦ ᠡᠬᠡ ᠤᠷᠤᠨᠴᠢᠳ ᠪᠠ ᠡᠬᠡ ᠤᠷᠤᠨ ᠤ ᠨᠢᠬᠡᠳᠤᠯ ᠢᠬᠦᠷᠢᠶᠡᠯᠡᠬᠦ ᠡᠬᠡ ᠤᠷᠤᠨᠴᠢᠳ ᠢ ᠪᠠᠭᠳᠠᠭᠠᠭᠰᠠᠠ ᠦᠷᠬᠡᠨ ᠲᠡᠯᠬᠡᠷ ᠡᠬᠡ ᠤᠷᠤᠨᠴᠢ ᠨᠢᠬᠡᠳᠤᠮᠡᠯ ᠹᠷᠤᠨᠲ》 ᠬᠡᠳᠡᠭ ᠢ《ᠪᠦᠬᠦ ᠨᠡᠶᠢᠬᠡᠮ ᠵᠢᠷᠤᠮᠳᠤ ᠬᠦᠳᠡᠯᠮᠤᠷᠢᠴᠢᠳ᠂ ᠨᠡᠶᠢᠬᠡᠮ ᠵᠢᠷᠤᠮᠳᠤ ᠦᠢᠯᠡᠰ ᠤᠨ ᠪᠦᠳᠦᠭᠡᠨ ᠪᠠᠶᠢᠭᠤᠯᠤᠭᠴᠢᠳ᠂ᠨᠡᠶᠢᠬᠡᠮ ᠵᠢᠷᠤᠮ ᠢ ᠬᠦᠷᠢᠶᠡᠯᠡᠬᠦ ᠡᠬᠡ ᠤᠷᠤᠨᠴᠢᠳ᠂  ᠡᠬᠡ ᠤᠷᠤᠨ ᠤ ᠨᠢᠬᠡᠳᠤᠯ ᠢ ᠬᠦᠷᠢᠶᠡᠯᠡᠬᠦ ᠪᠠ ᠲᠤᠮᠳᠠᠳᠤ ᠶᠢᠨᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠦᠯᠥᠬᠡ ᠲᠡᠮᠡᠴᠡᠭᠴᠢ ᠡᠬᠡ ᠤᠷᠤᠨᠴᠢᠳ ᠢᠪᠠᠭᠳᠠᠭᠠᠭᠰᠠᠠ ᠦᠷᠭᠡᠨ ᠲᠡᠯᠬᠡᠷ ᠡᠬᠡ ᠤᠷᠤᠨᠴᠢ ᠨᠢᠬᠡᠳᠤᠮᠡᠯ ᠹᠷᠤᠨᠲ》 ᠬᠡᠵᠥ ᠵᠠᠰᠠᠪᠤᠷᠢ ᠤᠷᠤᠭᠤᠯᠪᠠ᠃ ᠡᠨᠡᠬᠦᠤᠯᠠᠭᠠᠨ ᠮᠦᠷ ᠢ᠄ 《ᠨᠡᠶᠢᠬᠡᠮ ᠵᠢᠷᠤᠮ ᠤᠨ ᠪᠦᠳᠦᠭᠡᠨ ᠪᠠᠶᠢᠭᠤᠯᠤᠯᠳᠠ ᠶᠢᠨ ᠦᠢᠯᠡᠰ ᠲᠤ ᠡᠷᠬᠡᠪᠰᠢ ᠠᠵᠢᠯᠴᠢᠨ᠂ᠲᠠᠷᠢᠶᠠᠴᠢᠨ ᠪᠠ ᠰᠡᠭᠡᠭᠡᠳᠡᠨ ᠢ ᠲᠦᠰᠢᠭᠯᠡᠵᠥ᠂ ᠪᠦᠯᠬᠦᠮᠳᠡᠵᠥ ᠪᠤᠯᠬᠤ ᠬᠦᠴᠦᠨ ᠪᠦᠬᠦᠨ ᠲᠠᠢ ᠪᠦᠯᠬᠦᠮᠳᠡᠬᠦ ᠬᠡᠷᠡᠭᠳᠡᠢ᠃ᠤᠷᠳᠤ ᠬᠤᠭᠤᠴᠠᠭᠠᠨ ᠤ ᠬᠤᠪᠢᠰᠬᠠᠯ᠂ ᠪᠦᠳᠦᠭᠡᠨ ᠪᠠᠶᠢᠭᠤᠯᠤᠯᠳᠠ᠂ ᠦᠭᠡᠷᠡᠴᠢᠯᠡᠯᠳᠡ ᠶᠢᠨ ᠶᠠᠪᠤᠴᠠ ᠳᠤ᠂ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠭᠰᠠᠠ᠂ ᠠᠷᠠᠳᠴᠢᠯᠠᠭᠰᠠᠠ ᠨᠠᠮ ᠪᠦᠯᠥᠭ ᠤᠳ ᠪᠡ ᠠᠷᠠᠳ ᠤᠨ ᠪᠦᠯᠬᠦᠮ ᠤᠳ ᠤᠨ ᠤᠷᠤᠯᠴᠠᠭᠰᠠᠠ᠂ ᠪᠦᠬᠦ ᠨᠡᠶᠢᠬᠡᠮ ᠵᠢᠷᠤᠮᠳᠤ ᠬᠦᠳᠡᠯᠮᠤᠷᠢᠴᠢᠳ᠂ ᠨᠡᠶᠢᠬᠡᠮ ᠵᠢᠷᠤᠮᠳᠤ ᠦᠢᠯᠡᠰ ᠤᠨ ᠪᠦᠳᠦᠭᠡᠨ ᠪᠠᠶᠢᠭᠤᠯᠤᠭᠴᠢᠳ᠂ ᠨᠡᠶᠢᠬᠡᠮ ᠵᠢᠷᠤᠮ ᠢ ᠬᠦᠷᠢᠶᠡᠯᠡᠬᠦ ᠡᠬᠡ ᠤᠷᠤᠨᠴᠢᠳ᠂ ᠡᠬᠡ ᠤᠷᠤᠨ ᠤ ᠨᠢᠬᠡᠳᠤᠯ ᠢ ᠬᠦᠷᠢᠶᠡᠯᠡᠬᠦ ᠪᠠ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠦᠯᠥᠬᠡᠲᠡᠮᠡᠴᠡᠭᠴᠢ ᠡᠬᠡ ᠤᠷᠤᠨᠴᠢᠳ ᠢ ᠪᠠᠭᠳᠠᠭᠠᠭᠰᠠᠠ ᠦᠷᠭᠡᠨ ᠲᠡᠯᠬᠡᠷ ᠡᠬᠡ ᠤᠷᠤᠨᠴᠢ ᠨᠢᠬᠡᠳᠤᠮᠡᠯ ᠹᠷᠤᠨᠲᠪᠦᠷᠢᠯᠳᠦᠭᠰᠡᠨ ᠪᠦᠭᠡᠳ ᠡᠨᠡᠬᠦ ᠨᠢᠬᠡᠳᠤᠮᠡᠯ ᠹᠷᠤᠨᠲ ᠴᠢᠨᠠᠬᠰᠢᠳᠠ ᠪᠠᠬᠢᠵᠢᠨ ᠬᠦᠭᠵᠢᠬᠦ ᠪᠤᠯᠤᠨ᠎ᠠ᠃ ᠲᠤᠮᠳᠠᠳᠤᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠬᠤᠷᠠᠯ ᠪᠤᠯ ᠦᠷᠬᠡᠨ ᠲᠡᠯᠬᠡᠷᠡᠩᠬᠦᠢ ᠲᠦᠯᠥᠬᠡᠯᠡᠬᠦᠴᠢᠨᠠᠷ ᠪᠦᠬᠦᠢ ᠨᠢᠬᠡᠳᠤᠮᠡᠯ ᠹᠷᠤᠨᠲ ᠤᠨ ᠵᠤᠬᠢᠶᠠᠨ ᠪᠠᠶᠢᠭᠤᠯᠤᠯᠳᠠ ᠮᠥᠨ᠂ ᠦᠩᠬᠡᠷᠡᠭᠰᠡᠡ ᠳᠤ ᠴᠢᠬᠤᠯᠠ ᠲᠡᠤᠬᠡᠳᠤᠦᠢᠯᠡᠳᠦᠯ ᠭᠠᠷᠭᠠᠵᠦ᠂ ᠡᠬᠦᠨ ᠠᠴᠠ ᠬᠤᠶᠢᠰᠢᠳᠠ ᠲᠦᠷᠦ ᠶᠢᠨ ᠤᠯᠤᠰ ᠲᠦᠷᠦ ᠶᠢᠨ ᠠᠮᠢᠳᠤᠷᠠᠯ᠂ ᠨᠡᠶᠢᠬᠡᠮ ᠤᠨᠠᠮᠢᠳᠤᠷᠠᠯ ᠪᠤᠯᠤᠨ ᠭᠠᠳᠠᠭᠠᠳᠤ ᠲᠠᠢ ᠨᠦᠬᠦᠷᠰᠡᠭ ᠢᠶᠠᠷ ᠬᠠᠷᠢᠯᠴᠠᠬᠤ ᠠᠵᠢᠯᠯᠠᠭᠠᠨ ᠤ ᠲᠤᠮᠳᠠ ᠨᠡᠶᠢᠬᠡᠮ ᠵᠢᠷᠤᠮ ᠤᠨᠤᠳᠤᠬᠢᠴᠢᠯᠠᠬᠤ ᠪᠦᠳᠦᠭᠡᠨ ᠪᠠᠶᠢᠭᠤᠯᠤᠯᠳᠠ ᠬᠢᠬᠦ᠂ ᠤᠯᠤᠰ ᠤᠷᠤᠨ ᠤ ᠨᠢᠬᠡᠳᠤᠯ ᠪᠠ ᠪᠦᠯᠬᠦᠮᠳᠡᠯ ᠢ ᠬᠠᠮᠠᠭᠠᠯᠠᠬᠤᠲᠡᠮᠡᠴᠡᠯ ᠤᠨ ᠲᠤᠮᠳᠠ ᠪᠠᠰᠠ ᠤᠯᠠᠮ ᠨᠢᠬᠡ ᠠᠯᠬᠤᠮ ᠴᠢᠬᠤᠯᠠ ᠦᠢᠯᠡᠳᠦᠯ ᠭᠠᠷᠭᠠᠬᠤ ᠪᠤᠯᠤᠨ᠎ᠠ᠃ ᠲᠤᠮᠳᠠᠳᠤᠤᠯᠤᠰ ᠤᠨ ᠡᠪ ᠬᠠᠮᠳᠤ ᠨᠠᠮ ᠤᠨ ᠤᠳᠤᠷᠢᠳᠤᠭᠰᠠᠠ ᠤᠯᠠᠨ ᠨᠠᠮ ᠬᠠᠮᠳᠤᠷᠠᠨ ᠠᠵᠢᠯᠯᠠᠬᠤ ᠪᠠ ᠤᠯᠤᠰ ᠲᠦᠷᠦ ᠶᠢᠨᠵᠦᠪᠯᠡᠯᠭᠡᠨ ᠤ ᠪᠠᠶᠢᠭᠤᠯᠤᠯ ᠤᠷᠳᠤ ᠬᠤᠭᠤᠴᠠᠭ᠎ᠠ ᠪᠠᠷ ᠤᠷᠤᠰᠢᠵᠤ ᠬᠦᠭᠵᠢᠬᠦ ᠪᠤᠯᠤᠨ᠎ᠠ》 ᠬᠡᠵᠥ ᠬᠠᠷᠠᠭᠠᠯᠵᠠᠭᠤᠯᠤᠨᠵᠠᠰᠠᠪᠤᠷᠢ ᠤᠷᠤᠭᠤᠯᠪᠠ᠃     ᠭᠤᠴᠢᠨ ᠲᠦᠷᠪᠡᠳᠦᠭᠡᠷ ᠵᠦᠢᠯ ᠦᠨᠳᠦᠰᠦᠨ ᠬᠠᠤᠯᠢ ᠶᠢᠨ ᠤᠷᠤᠰᠢᠯ ᠤᠨ ᠠᠷᠪᠠᠨ ᠨᠢᠬᠡᠳᠤᠭᠡᠷ ᠤᠯᠠᠭᠠᠨᠮᠦᠷ ᠲᠠᠬᠢ 《ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠲᠤᠰᠠᠯᠠᠯᠴᠠᠬᠤ ᠨᠡᠶᠢᠬᠡᠮ ᠵᠢᠷᠤᠮ ᠤᠨ ᠦᠨᠳᠦᠰᠦᠳᠡᠨ ᠤ ᠬᠠᠷᠢᠴᠠᠭ᠎ᠠ ᠨᠢᠬᠡᠨᠳᠡ ᠲᠤᠭᠳᠠᠭᠰᠠᠠ ᠪᠦᠭᠡᠳ ᠴᠢᠨᠠᠭᠰᠢᠳᠠ ᠪᠠᠳᠤᠵᠢᠬᠤ ᠪᠤᠯᠤᠨ᠎ᠠ》 ᠬᠡᠳᠡᠭ ᠢ 《ᠡᠷᠬᠡ ᠲᠡᠭᠰᠢᠪᠦᠯᠬᠦᠮᠳᠡᠯ ᠲᠠᠢ ᠬᠠᠷᠢᠯᠴᠠᠨ ᠲᠤᠰᠠᠯᠠᠯᠴᠠᠭᠰᠠᠠ ᠡᠶ᠎ᠡ ᠵᠤᠬᠢᠴᠠᠩᠭᠤᠢ ᠨᠡᠶᠢᠬᠡᠮ ᠵᠢᠷᠤᠮ ᠤᠨ ᠦᠨᠳᠦᠰᠦᠳᠡᠨ ᠤᠬᠠᠷᠢᠴᠠᠭ᠎ᠠ ᠨᠢᠬᠡᠨᠳᠡ ᠲᠤᠭᠳᠠᠭᠰᠠᠠ ᠪᠦᠭᠡᠳ ᠴᠢᠨᠠᠭᠰᠢᠳᠠ ᠪᠠᠳᠤᠵᠢᠬᠤ ᠪᠤᠯᠤᠨ᠎ᠠ》 ᠬᠡᠵᠥ ᠵᠠᠰᠠᠪᠤᠷᠢᠤᠷᠤᠭᠤᠯᠪᠠ᠃     ᠭᠤᠴᠢᠨ ᠲᠠᠪᠤᠳᠤᠭᠠᠷ ᠵᠦᠢᠯ ᠦᠨᠳᠦᠰᠦᠨ ᠬᠠᠤᠯᠢ ᠶᠢᠨ ᠤᠷᠤᠰᠢᠯ ᠤᠨ ᠠᠷᠪᠠᠨ ᠬᠤᠶᠠᠳᠤᠭᠠᠷ ᠤᠯᠠᠭᠠᠨᠮᠦᠷ ᠲᠠᠬᠢ 《ᠲᠤᠮᠳᠠᠳᠤ ᠤᠯᠤᠰ ᠤᠨ ᠬᠤᠪᠢᠰᠬᠠᠯ ᠪᠠ ᠪᠦᠳᠦᠭᠡᠨ ᠪᠠᠶᠢᠭᠤᠯᠤᠯᠳᠠ ᠶᠢᠨ ᠠᠮᠵᠢᠯᠳᠠ ᠪᠤᠯ ᠲᠡᠯᠡᠬᠡᠢᠵᠢᠨ‌ᠠᠷᠠᠳ ᠲᠦᠮᠡᠨ ᠤ ᠲᠡᠮᠵᠢᠯᠬᠡ ᠲᠠᠢ ᠰᠠᠯᠤᠰᠢ ᠦᠭᠡᠢ ᠶᠤᠮ》 ᠬᠡᠳᠡᠭ ᠢ《ᠲᠤᠮᠳᠠᠳᠤ ᠤᠯᠤᠰ ᠤᠨ ᠬᠤᠪᠢᠰᠬᠠᠯ᠂ᠪᠦᠳᠦᠭᠡᠨ ᠪᠠᠶᠢᠭᠤᠯᠤᠯᠳᠠ᠂ ᠦᠭᠡᠷᠡᠴᠢᠯᠡᠯᠳᠡ ᠵᠢᠨ‌ᠠᠮᠵᠢᠯᠳᠠ ᠪᠤᠯ ᠲᠡᠯᠡᠬᠡᠢ ᠶᠢᠨ ᠠᠷᠠᠳ ᠲᠦᠮᠡᠨ ᠤᠲᠡᠮᠵᠢᠯᠬᠡ ᠲᠠᠢ ᠰᠠᠯᠤᠰᠢ ᠦᠭᠡᠢ ᠶᠤᠮ》 ᠬᠡᠵᠥ ᠵᠠᠰᠠᠪᠤᠷᠢ ᠤᠷᠤᠭᠤᠯᠪᠠ︔ 《ᠲᠤᠮᠳᠠᠳᠤ ᠤᠯᠤᠰ ᠪᠡᠶ᠎ᠡ ᠪᠠᠨᠲᠠᠭᠠᠭᠠᠵᠥ ᠡᠵᠡᠨ ᠮᠡᠳᠡᠬᠦ ᠭᠠᠳᠠᠭᠠᠳᠤ ᠲᠦᠷᠦ ᠶᠢᠨ ᠪᠤᠳᠤᠯᠭ᠎ᠠ ᠶᠢ ᠪᠠᠷᠢᠮᠳᠠᠯᠠᠵᠥ᠂ ᠡᠷᠬᠡ ᠮᠡᠳᠡᠯ ᠪᠠ ᠨᠤᠳᠤᠭᠲᠡᠪᠢᠰᠬᠡᠷ ᠤᠨ ᠪᠦᠷᠢᠨ ᠪᠦᠳᠦᠨ ᠪᠠᠶᠢᠬᠤ ᠶᠢ ᠬᠠᠷᠢᠯᠴᠠᠨ ᠬᠦᠨᠳᠦᠳᠬᠡᠬᠦ᠂ ᠬᠠᠷᠢᠯᠴᠠᠨ ᠦᠯᠥ ᠬᠠᠯᠳᠠᠬᠤ᠂ᠲᠤᠳᠤᠭᠠᠳᠤ ᠵᠠᠰᠠᠭ ᠲᠤ ᠬᠠᠷᠢᠯᠴᠠᠨ ᠦᠯᠥ ᠭᠠᠷ ᠲᠦᠷᠦᠬᠦ᠂ ᠡᠷᠬᠡ ᠲᠡᠭᠰᠢ ᠬᠠᠷᠢᠯᠴᠠᠨ ᠠᠰᠢᠭᠳᠠᠢ ᠪᠠᠶᠢᠬᠤ᠂ᠨᠡᠶᠢᠷᠡᠮᠳᠡᠯ ᠢᠶᠠᠷ ᠵᠡᠷᠬᠡᠴᠡᠨ ᠤᠷᠤᠰᠢᠬᠤ ᠲᠠᠪᠤᠨ ᠵᠠᠷᠴᠢᠮ ᠢ ᠪᠠᠷᠢᠮᠳᠠᠯᠠᠵᠥ》 ᠶᠢᠨ ᠠᠷᠤ ᠳᠤ 《ᠡᠩᠬᠡ ᠲᠠᠶᠢᠪᠤᠩᠬᠦᠭᠵᠢᠯᠳᠡ ᠶᠢᠨ ᠵᠠᠮ ᠢ ᠪᠠᠷᠢᠮᠳᠡᠯᠡᠵᠥ᠂ ᠬᠠᠷᠢᠯᠴᠠᠨ ᠠᠰᠢᠬᠳᠠᠢ ᠬᠠᠮᠳᠤᠪᠡᠷ ᠠᠰᠢᠬ ᠬᠦᠷᠳᠡᠬᠦ ᠨᠡᠬᠡᠬᠡᠯᠳᠡᠳᠤᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠤ》 ᠬᠡᠵᠥ ᠨᠡᠮᠡᠪᠡ︔ 《ᠡᠯ᠎ᠡ ᠤᠯᠤᠰ ᠯᠤᠭ᠎ᠠ ᠶᠢᠨ ᠭᠠᠳᠠᠭᠠᠳᠤᠬᠠᠷᠢᠯᠴᠠᠭ᠎ᠠ ᠪᠠ ᠠᠵᠥ ᠠᠬᠤᠢ᠂ ᠰᠤᠶᠤᠯ ᠤᠨ ᠰᠤᠯᠢᠯᠴᠠᠭ᠎ᠠ ᠪᠠᠨ ᠬᠦᠭᠵᠢᠬᠦᠯᠥᠨ᠎ᠡ》 ᠭᠡᠳᠡᠭ ᠢ 《ᠡᠯ᠎ᠡᠤᠯᠤᠰ ᠯᠤᠭ᠎ᠠ ᠶᠢᠨ ᠭᠠᠳᠠᠭᠠᠳᠤ ᠬᠠᠷᠢᠯᠴᠠᠭ᠎ᠠ ᠪᠠ ᠠᠵᠥ ᠠᠬᠤᠢ᠂ ᠰᠤᠶᠤᠯ ᠤᠨ ᠰᠤᠯᠢᠯᠴᠠᠭ᠎ᠠ ᠪᠠᠨ ᠬᠦᠭᠵᠢᠬᠦᠯᠵᠥ᠂ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠤᠨ᠎ᠠ》 ᠬᠡᠵᠥᠵᠠᠰᠠᠪᠤᠷᠢ ᠤᠷᠤᠭᠤᠯᠪᠠ᠃ ᠡᠨᠡᠬᠦ ᠤᠯᠠᠭᠠᠨ ᠮᠦᠷ ᠢ᠄ 《ᠳᠤᠮᠳᠠᠳᠤ ᠤᠯᠤᠰ ᠤᠨ ᠬᠤᠪᠢᠰᠬᠠᠯ᠂ ᠪᠦᠳᠤᠬᠡᠨᠪᠠᠶᠢᠭᠤᠯᠤᠯᠳᠠ᠂ ᠦᠬᠡᠷᠡᠴᠢᠯᠠᠯᠳᠠ ᠶᠢᠨ ᠠᠮᠵᠢᠯᠳᠠ ᠪᠤᠯ ᠲᠡᠯᠡᠬᠡᠢ ᠶᠢᠨ ᠠᠷᠠᠳ ᠲᠦᠮᠡᠨ ᠤ ᠲᠡᠮᠵᠢᠯᠬᠡ ᠲᠠᠢ ᠰᠠᠯᠤᠰᠢᠦᠬᠡᠢ ᠶᠤᠮ᠃ ᠳᠤᠮᠳᠠᠳᠤ ᠤᠯᠤᠰ ᠤᠨ ᠢᠷᠡᠬᠡᠳᠤᠢ ᠪᠤᠯ ᠲᠡᠯᠡᠬᠡᠢ ᠶᠢᠨ ᠢᠷᠡᠬᠡᠳᠤᠢ ᠲᠠᠢ ᠨᠢᠬᠳᠠ ᠬᠤᠯᠪᠤᠭ᠎ᠠ ᠲᠠᠢᠶᠤᠮ᠃ ᠳᠤᠮᠳᠠᠳᠤ ᠤᠯᠤᠰ ᠪᠠᠶ᠎ᠠ ᠪᠠᠨ ᠲᠠᠭᠠᠭᠠᠵᠤ ᠡᠵᠡᠨ ᠮᠡᠳᠡᠬᠦ ᠭᠠᠳᠠᠭᠠᠳᠤ ᠲᠦᠷᠤ ᠶᠢᠨ ᠪᠤᠳᠤᠯᠭ᠎ᠠ ᠶᠢᠪᠠᠷᠢᠮᠳᠠᠯᠠᠵᠤ᠂ ᠡᠷᠬᠡ ᠮᠡᠳᠡᠯ ᠪᠠ ᠨᠤᠳᠤᠬ ᠲᠡᠪᠢᠰᠭᠡᠷ ᠤᠨ ᠪᠦᠷᠢᠨ ᠪᠦᠳᠤᠨ ᠪᠠᠶᠢᠬᠤ ᠶᠢ ᠬᠠᠷᠢᠯᠴᠠᠨ ᠬᠦᠨᠳᠤᠳᠬᠡᠬᠦ᠂ᠬᠠᠷᠢᠯᠴᠠᠨ ᠦᠯᠤ ᠬᠠᠯᠳᠠᠬᠤ᠂ ᠳᠤᠳᠤᠭᠠᠳᠤ ᠵᠠᠰᠠᠬ ᠲᠤ ᠬᠠᠷᠢᠯᠴᠠᠨ ᠦᠯᠤ ᠭᠠᠷ ᠲᠦᠷᠤᠬᠦ᠂ ᠡᠷᠬᠡ ᠲᠡᠭᠰᠢᠬᠠᠷᠢᠯᠴᠠᠨ ᠠᠰᠢᠬᠳᠠᠢ ᠪᠠᠶᠢᠬᠤ᠂ ᠨᠠᠶᠢᠷᠠᠮᠳᠠᠯ ᠢᠶᠠᠷ ᠵᠡᠷᠬᠡᠴᠡᠨ ᠤᠷᠤᠰᠢᠬᠤ ᠲᠠᠪᠤᠨ ᠵᠠᠷᠴᠢᠮ ᠢ ᠪᠠᠷᠢᠮᠳᠠᠯᠠᠵᠤ᠂ ᠡᠩᠬᠡᠲᠠᠶᠢᠪᠤᠩ ᠬᠦᠭᠵᠢᠯᠳᠠ ᠶᠢᠨ ᠵᠠᠮ ᠢ ᠪᠠᠷᠢᠮᠳᠠᠯᠠᠵᠤ᠂ ᠬᠠᠷᠢᠯᠴᠠᠨ ᠠᠰᠢᠬᠳᠠᠢ ᠬᠠᠮᠳᠤᠪᠡᠷ ᠠᠰᠢᠬ ᠬᠦᠷᠳᠡᠬᠦᠨᠡᠭᠡᠭᠡᠯᠳᠡᠳᠦ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠤ᠂ ᠡᠯ᠎ᠠ ᠤᠯᠤᠰ ᠯᠤᠭ᠎ᠠ ᠶᠢᠨ ᠭᠠᠳᠠᠭᠠᠳᠤ ᠬᠠᠷᠢᠯᠴᠠᠭ᠎ᠠ ᠪᠠᠠᠵᠤ ᠠᠬᠤᠢ᠂ ᠰᠤᠶᠤᠯ ᠤᠨ ᠰᠤᠯᠢᠯᠴᠠᠭ᠎ᠠ ᠪᠠᠨ ᠬᠦᠭᠵᠢᠬᠦᠯᠵᠤ᠂ ᠬᠦᠮᠤᠨ ᠲᠦᠷᠤᠯᠬᠢᠳᠠᠨ ᠤ ᠬᠤᠪᠢ ᠵᠠᠶᠠᠭᠠᠨ ᠤᠬᠠᠮᠳᠤ ᠶᠢᠨ ᠴᠤᠬᠴᠠ ᠶᠢ ᠪᠠᠶᠢᠭᠤᠯᠬᠤ ᠶᠢ ᠠᠬᠢᠭᠤᠯᠤᠨ᠎ᠠ︔ ᠡᠵᠡᠷᠬᠡᠭ ᠲᠦᠷᠢᠮᠡᠬᠡᠢ ᠶᠤᠰᠤ᠂ ᠡᠵᠡᠷᠬᠡᠬᠦ ᠦᠵᠡᠯ᠂ᠺᠤᠯᠤᠨᠢᠴᠢᠯᠠᠬᠤ ᠦᠵᠡᠯ ᠢ ᠡᠰᠡᠷᠬᠦᠴᠡᠬᠦ ᠶᠢ ᠪᠠᠷᠢᠮᠳᠠᠯᠠᠵᠤ᠂ ᠲᠡᠯᠡᠬᠡᠢ ᠶᠢᠨ ᠡᠯ᠎ᠠ ᠤᠯᠤᠰ ᠤᠨ ᠠᠷᠠᠳ ᠲᠦᠮᠡᠨ ᠯᠦᠭᠡ ᠶᠢᠨ ᠪᠦᠯᠬᠦᠮᠳᠡᠯ ᠢᠶᠠᠨ ᠴᠢᠩᠭᠠᠳᠬᠠᠵᠤ᠂ ᠲᠠᠷᠤᠯᠠᠬᠳᠠᠵᠤ ᠪᠠᠶᠢᠭ᠎ᠠ ᠦᠨᠳᠤᠰᠤᠳᠠᠨ ᠪᠤᠯᠤᠨ ᠬᠦᠭᠵᠢᠵᠤ ᠪᠠᠶᠢᠭ᠎ᠠᠤᠯᠤᠰ ᠤᠷᠤᠨ ᠤ ᠦᠨᠳᠤᠰᠤᠳᠠᠨ ᠤ ᠲᠤᠰᠠᠭᠠᠷ ᠲᠤᠭᠳᠠᠨᠢᠯ ᠢᠶᠠᠨ ᠲᠡᠮᠡᠴᠡᠨ ᠤᠯᠬᠤ ᠪᠠ ᠬᠠᠮᠠᠭᠠᠯᠠᠬᠤ᠂ᠦᠨᠳᠤᠰᠤᠳᠠᠨ ᠤ ᠠᠵᠤ ᠠᠬᠤᠢ ᠪᠠᠨ ᠬᠦᠭᠵᠢᠬᠦᠯᠬᠦ ᠰᠢᠳᠤᠷᠭᠤ ᠲᠡᠮᠡᠴᠡᠯ ᠢ ᠲᠡᠮᠵᠢᠵᠤ᠂ ᠲᠡᠯᠡᠬᠡᠢ ᠶᠢᠨ ᠡᠩᠬᠡᠲᠠᠶᠢᠪᠤᠩ ᠢ ᠬᠠᠮᠠᠭᠠᠯᠠᠬᠤ ᠪᠤᠯᠤᠨ ᠬᠦᠮᠤᠨ ᠲᠦᠷᠤᠯᠬᠢᠳᠠᠨ ᠤ ᠲᠠᠪᠰᠢᠯᠳᠡ ᠶᠢᠨ ᠤᠶᠢᠯᠡᠰ ᠢ ᠠᠬᠢᠭᠤᠯᠬᠤ ᠪᠠᠷᠴᠢᠷᠮᠠᠶᠢᠨ᠎ᠠ》ᠬᠡᠵᠤ ᠬᠠᠷᠠᠭᠠᠯᠵᠠᠭᠤᠯᠤᠨ ᠵᠠᠰᠠᠪᠤᠷᠢ ᠤᠷᠤᠭᠤᠯᠪᠠ᠃     ᠭᠤᠴᠢᠨ ᠵᠢᠷᠭᠤᠳᠤᠭᠠᠷ ᠵᠦᠢᠯ ᠦᠨᠳᠤᠰᠤᠨ ᠬᠠᠤᠯᠢ ᠵᠢᠨ‌ᠨᠢᠬᠡᠳᠤᠬᠡᠷ ᠵᠤᠶᠢᠯ ᠤᠨ ᠬᠤᠶᠠᠳᠤᠭᠠᠷ ᠪᠠᠳᠠᠭ ᠤᠨ《ᠨᠡᠶᠢᠬᠡᠮ ᠵᠢᠷᠦᠮᠳᠤ ᠪᠠᠶᠢᠭᠤᠯᠤᠯ ᠪᠤᠯ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠤᠰᠤᠨᠪᠠᠶᠢᠭᠤᠯᠤᠯ ᠮᠦᠨ》 ᠭᠡᠳᠡᠭ ᠤᠨ ᠠᠷᠤ ᠲᠤ ᠨᠢᠬᠡ ᠦᠬᠦᠯᠡᠪᠤᠷᠢ ᠨᠡᠮᠡᠪᠡ᠂ ᠠᠭᠤᠯᠭ᠎ᠠ ᠨᠢ᠄ 《ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠪᠤᠯ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨᠬᠠᠮᠤᠬ ᠤᠨ ᠮᠦᠨ ᠴᠢᠨᠠᠷ ᠤᠨ ᠤᠨᠴᠠᠯᠢᠬ ᠮᠦᠨ》ᠪᠤᠯᠤᠨ᠎ᠠ᠃     ᠭᠤᠴᠢᠨ ᠲᠤᠯᠤᠳᠤᠭᠠᠷ ᠵᠦᠢᠯ ᠦᠨᠳᠤᠰᠤᠨ ᠬᠠᠤᠯᠢ ᠵᠢᠨ‌ᠭᠤᠷᠪᠠᠳᠤᠭᠠᠷ ᠵᠤᠶᠢᠯ ᠤᠨ ᠭᠤᠷᠪᠠᠳᠤᠭᠠᠷ ᠪᠠᠳᠠᠭ ᠤᠨ 《ᠲᠦᠷᠤ ᠶᠢᠨ ᠵᠠᠰᠠᠬ ᠵᠠᠬᠢᠷᠭᠠᠨ ᠤ ᠪᠠᠶᠢᠭᠤᠯᠤᠯᠭ᠎ᠠ᠂ ᠰᠢᠬᠦᠨ ᠲᠠᠰᠤᠯᠬᠤ  ᠪᠠᠶᠢᠭᠤᠯᠭ᠎ᠠ᠂ ᠪᠠᠶᠢᠴᠠᠭᠠᠬᠤᠪᠠᠶᠢᠭᠤᠯᠭ᠎ᠠ ᠴᠦᠮ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠢᠶᠠᠷ ᠪᠤᠢ ᠪᠤᠯᠵᠤ᠂ ᠲᠡᠬᠦᠨ ᠲᠤᠬᠠᠷᠢᠭᠤᠴᠠᠨ᠂ ᠲᠡᠬᠦᠨ ᠤ ᠬᠢᠨᠠᠯᠳᠠ ᠶᠢ ᠬᠦᠯᠢᠶᠠᠨ᠎ᠠ》 ᠭᠡᠳᠡᠭ ᠢ 《ᠲᠦᠷᠤ ᠵᠢᠨ‌ᠵᠠᠰᠠᠬ ᠵᠠᠬᠢᠷᠭᠠᠨ ᠤ ᠪᠠᠶᠢᠭᠤᠯᠭ᠎ᠠ᠂ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠬᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠴᠦᠮ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠢᠶᠠᠷ ᠪᠤᠢ ᠪᠤᠯᠵᠤ᠂ ᠲᠡᠬᠦᠨ ᠳᠤ ᠬᠠᠷᠢᠭᠤᠴᠠᠨ᠂ ᠲᠡᠬᠦᠨ ᠤ ᠬᠢᠨᠠᠯᠳᠠ ᠶᠢᠬᠦᠯᠢᠶᠠᠨ᠎ᠠ》 ᠬᠡᠵᠤ ᠵᠠᠰᠠᠪᠤᠷᠢ ᠤᠷᠤᠭᠤᠯᠪᠠ᠃     ᠭᠤᠴᠢᠨ ᠨᠠᠢᠮᠠᠳᠤᠭᠠᠷ ᠵᠦᠢᠯ ᠦᠨᠳᠤᠰᠤᠨ ᠬᠠᠤᠯᠢ ᠶᠢᠨ ᠲᠦᠷᠪᠡᠳᠤᠭᠡᠷ ᠵᠤᠶᠢᠯ ᠤᠨ ᠨᠢᠬᠡᠳᠤᠬᠡᠷ ᠪᠠᠳᠠᠭ ᠤᠨ《ᠤᠯᠤᠰ ᠠᠴᠠ ᠴᠦᠬᠡᠨ ᠲᠤᠭᠠᠳᠤ ᠦᠨᠳᠤᠰᠤᠳᠠᠨ ᠨᠦᠭᠦᠳ ᠤᠨ ᠬᠠᠤᠯᠢ ᠶᠤᠰᠤᠨ ᠤ ᠡᠷᠬᠡ ᠠᠰᠢᠭ ᠢ ᠪᠠᠳᠤᠯᠠᠨ᠂ᠦᠨᠳᠦᠰᠦᠳᠡᠨ ᠨᠦᠭᠦᠳ ᠤᠨ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠲᠤᠰᠠᠯᠠᠯᠴᠠᠬᠤ ᠬᠠᠷᠢᠴᠠᠭ᠎ᠠ ᠶᠢᠬᠠᠮᠠᠭᠠᠯᠠᠨ ᠬᠦᠭᠵᠢᠬᠦᠯᠤᠨ᠎ᠠ》 ᠭᠡᠳᠡᠭ ᠢ 《ᠤᠯᠤᠰ ᠠᠴᠠ ᠴᠦᠬᠡᠨ ᠲᠤᠭᠠᠳᠤ ᠦᠨᠳᠤᠰᠤᠳᠠᠨ ᠨᠦᠭᠦᠳ ᠤᠨ ᠬᠠᠤᠯᠢᠶᠤᠰᠤᠨ ᠤ ᠡᠷᠬᠡ ᠠᠰᠢᠬ ᠢ ᠪᠠᠳᠤᠯᠠᠨ᠂ ᠦᠨᠳᠤᠰᠤᠳᠠᠨ ᠨᠦᠭᠦᠳ ᠤᠨ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨᠲᠤᠰᠠᠯᠠᠯᠴᠠᠬᠤ ᠡᠶ᠎ᠡ ᠵᠤᠬᠢᠴᠠᠩᠭᠤᠢ ᠬᠠᠷᠢᠴᠠᠭ᠎ᠠ ᠶᠢ ᠬᠠᠮᠠᠭᠠᠯᠠᠨ ᠬᠦᠭᠵᠢᠬᠦᠯᠤᠨ᠎ᠠ》 ᠬᠡᠵᠤ ᠵᠠᠰᠠᠪᠤᠷᠢᠤᠷᠤᠭᠤᠯᠪᠠ᠃     ᠭᠤᠴᠢ ᠶᠢᠰᠦᠳᠦᠭᠡᠷ ᠵᠦᠢᠯ ᠦᠨᠳᠤᠰᠤᠨ ᠬᠠᠤᠯᠢ ᠶᠢᠨ ᠬᠤᠷᠢᠨ ᠲᠦᠷᠪᠡᠳᠤᠭᠡᠷ ᠵᠤᠶᠢᠯ ᠤᠨ ᠬᠤᠶᠠᠳᠤᠭᠠᠷᠪᠠᠳᠠᠭ ᠤᠨ 《ᠤᠯᠤᠰ ᠠᠴᠠ ᠡᠬᠡ ᠤᠷᠤᠨ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠬᠦᠳᠡᠯᠮᠤᠷᠢ ᠳᠤ ᠲᠤᠷᠠᠳᠠᠢ᠂ ᠰᠢᠨᠵᠢᠯᠡᠬᠦ ᠤᠬᠠᠭᠠᠨ ᠳᠤ ᠲᠤᠷᠠᠳᠠᠢ᠂ ᠨᠡᠶᠢᠬᠡᠮ ᠵᠢᠷᠤᠮ ᠢ ᠬᠠᠶᠢᠷᠠᠯᠠᠬᠤ ᠨᠡᠶᠢᠳᠠ ᠶᠢᠨ ᠶᠤᠰᠤ ᠮᠤᠷᠠᠯ ᠢ ᠡᠷᠬᠢᠮᠯᠠᠵᠤ》 ᠭᠡᠳᠡᠭ ᠢ 《ᠤᠯᠤᠰ ᠠᠴᠠ ᠨᠡᠶᠢᠬᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢᠡᠷᠬᠢᠮᠯᠡᠵᠦ᠂ ᠡᠬᠡ ᠤᠷᠤᠨ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠬᠦᠳᠡᠯᠮᠤᠷᠢ ᠳᠤ ᠲᠤᠷᠠᠳᠠᠢ᠂ᠰᠢᠨᠵᠢᠯᠡᠬᠦ ᠤᠬᠠᠭᠠᠨ ᠳᠤ ᠲᠤᠷᠠᠳᠠᠢ᠂ ᠨᠡᠶᠢᠬᠡᠮ ᠵᠢᠷᠤᠮ ᠢ ᠬᠠᠶᠢᠷᠠᠯᠠᠬᠤ ᠨᠡᠶᠢᠳᠠ ᠶᠢᠨ ᠶᠤᠰᠤ ᠮᠤᠷᠠᠯ ᠢ ᠡᠷᠬᠢᠮᠯᠡᠵᠦ》ᠬᠡᠵᠤ ᠵᠠᠰᠠᠪᠤᠷᠢ ᠤᠷᠤᠭᠤᠯᠪᠠ᠃ ᠡᠨᠡᠬᠦ ᠪᠠᠳᠠᠭ ᠢ᠄ 《ᠤᠯᠤᠰ ᠠᠴᠠ ᠨᠡᠶᠢᠬᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠡᠷᠬᠢᠮᠯᠠᠵᠤ᠂ ᠡᠬᠡ ᠤᠷᠤᠨ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ᠬᠦᠳᠡᠯᠮᠤᠷᠢ ᠳᠤ ᠲᠤᠷᠠᠳᠠᠢ᠂ ᠰᠢᠨᠵᠢᠯᠡᠬᠦ ᠤᠬᠠᠭᠠᠨ ᠳᠤ ᠲᠤᠷᠠᠳᠠᠢ᠂ ᠨᠡᠶᠢᠬᠡᠮ ᠵᠢᠷᠤᠮ ᠢ ᠬᠠᠶᠢᠷᠠᠯᠠᠬᠤ ᠨᠡᠶᠢᠳᠠ ᠶᠢᠨᠶᠤᠰᠤ ᠮᠤᠷᠠᠯ ᠢ ᠡᠷᠬᠢᠮᠯᠠᠵᠤ᠂ ᠠᠷᠠᠳ ᠲᠦᠮᠡᠨ ᠳᠤ ᠡᠬᠡ ᠤᠷᠤᠨᠴᠢ ᠦᠵᠡᠯ᠂ ᠨᠡᠶᠢᠳᠡᠴᠢ ᠦᠵᠡᠯ ᠪᠠᠢᠨᠲ᠋ᠧᠷᠨᠠᠼᠢᠤᠨᠠᠯ ᠤᠨ ᠦᠵᠡᠯ᠂ ᠡᠪ ᠬᠠᠮᠳᠤᠴᠢ ᠦᠵᠡᠯ ᠤᠨ ᠬᠦᠮᠤᠵᠢᠯ ᠬᠢᠵᠤ᠂ ᠬᠤᠪᠢᠰᠤᠩᠭᠤᠢ ᠪᠤᠳᠠᠰᠴᠢ ᠦᠵᠡᠯᠪᠠ ᠲᠡᠤᠬᠡ ᠶᠢᠨ ᠪᠤᠳᠠᠰᠴᠢ ᠦᠵᠡᠯ ᠤᠨ ᠬᠦᠮᠤᠵᠢᠯ ᠬᠢᠨ᠎ᠠ᠂ ᠬᠦᠷᠤᠩᠬᠡᠳᠤ ᠶᠤᠰᠤᠨ ᠤ ᠦᠵᠡᠯ ᠰᠠᠨᠠᠭ᠎ᠠ᠂ ᠹᠸᠤᠳᠠᠯ ᠤᠨ ᠦᠵᠡᠯ ᠰᠠᠨᠠᠭ᠎ᠠ ᠪᠠ ᠪᠤᠰᠤᠳ ᠢᠯᠵᠢᠷᠠᠮᠠᠯ ᠦᠵᠡᠯ ᠰᠠᠨᠠᠭ᠎ᠠ ᠶᠢ ᠡᠰᠡᠷᠬᠦᠴᠡᠨ᠎ᠠ》 ᠬᠡᠵᠤ ᠬᠠᠷᠠᠭᠠᠯᠵᠠᠭᠤᠯᠤᠨᠵᠠᠰᠠᠪᠤᠷᠢ ᠤᠷᠤᠭᠤᠯᠪᠠ᠃     ᠲᠦᠴᠢᠳᠦᠭᠡᠷ ᠵᠦᠢᠯ ᠦᠨᠳᠤᠰᠤᠨ ᠬᠠᠤᠯᠢ ᠶᠢᠨ ᠬᠤᠷᠢᠨ ᠲᠤᠯᠤᠳᠤᠭᠠᠷ ᠵᠤᠶᠢᠯ ᠳᠤ ᠳᠤᠤᠷᠠᠬᠢ ᠮᠡᠳᠦ ᠨᠢᠬᠡᠪᠠᠳᠠᠭ ᠠᠭᠤᠯᠭ᠎ᠠ ᠨᠡᠮᠡᠵᠦ ᠭᠤᠷᠪᠠᠳᠤᠭᠠᠷ ᠪᠠᠳᠠᠭ ᠪᠤᠯᠭᠠᠪᠠ᠄ 《ᠤᠯᠤᠰ ᠤᠨ ᠠᠯᠪᠠᠨ ᠠᠵᠢᠯᠳᠠᠨ ᠲᠤᠰᠢᠶᠠᠯ ᠳᠤᠭᠠᠷᠬᠤ ᠳᠠᠭᠠᠨ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ ᠢᠯᠡ ᠪᠠᠷ ᠦᠨᠳᠤᠰᠤᠨ ᠬᠠᠤᠯᠢ ᠳᠤ ᠲᠠᠩᠭᠠᠷᠢᠬᠯᠠᠬᠤᠬᠡᠷᠡᠭᠳᠠᠢ》᠃     ᠲᠦᠴᠢᠨ ᠨᠢᠭᠡᠳᠦᠭᠡᠷ ᠵᠦᠢᠯ ᠦᠨᠳᠤᠰᠤᠨ ᠬᠠᠤᠯᠢ ᠶᠢᠨ ᠵᠢᠷᠠᠨ ᠬᠤᠶᠠᠳᠤᠭᠠᠷ ᠵᠤᠶᠢᠯ ᠤᠨ 《ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠲᠤᠤᠷ᠎ᠠ ᠲᠤᠷᠠᠳᠤᠬᠰᠠᠨ ᠡᠷᠬᠡ ᠲᠤᠰᠢᠶᠠᠯ ᠤᠳ ᠢᠬᠦᠢᠴᠡᠳᠬᠡᠨ᠎ᠠ》 ᠭᠡᠳᠡᠭ ᠲᠤ ᠨᠢᠬᠡ ᠵᠤᠷᠪᠤᠰ ᠠᠭᠤᠯᠭ᠎ᠠ ᠨᠡᠮᠡᠵᠤ᠂ 《(ᠲᠤᠯᠤᠭ᠎ᠠ)ᠤᠯᠤᠰ ᠤᠨ ᠬᠢᠨᠠᠨᠪᠠᠶᠢᠴᠠᠭᠠᠬᠤ ᠵᠦᠪᠯᠡᠯ ᠤᠨ ᠡᠷᠬᠢᠯᠡᠭᠴᠢ ᠶᠢ ᠰᠤᠩᠭᠤᠨ᠎ᠠ》ᠬᠡᠵᠤ ᠲᠤᠯᠤᠳᠤᠭᠠᠷ ᠵᠤᠷᠪᠤᠰ ᠪᠤᠯᠭᠠᠪᠠ᠂ ᠤᠤᠯ ᠤᠨᠳᠤᠯᠤᠳᠤᠭᠠᠷ ᠵᠤᠷᠪᠤᠰ ᠠᠴᠠ ᠠᠷᠪᠠᠨ ᠲᠠᠪᠤᠳᠤᠭᠠᠷ ᠵᠤᠷᠪᠤᠰ ᠬᠦᠷᠬᠦ ᠠᠭᠤᠯᠭ᠎ᠠ ᠶᠢ ᠲᠤᠰᠪᠤᠷᠢ ᠨᠠᠢᠮᠠᠳᠤᠭᠠᠷᠵᠤᠷᠪᠤᠰ ᠠᠴᠠ ᠠᠷᠪᠠᠨ ᠵᠢᠷᠭᠤᠳᠤᠭᠠᠷ ᠵᠤᠷᠪᠤᠰ ᠬᠦᠷᠬᠦ ᠠᠭᠤᠯᠭ᠎ᠠ ᠪᠤᠯᠭᠠᠨ ᠬᠤᠪᠢᠷᠠᠭᠤᠯᠪᠠ᠃     ᠲᠦᠴᠢᠨ ᠬᠤᠶᠠᠳᠤᠭᠠᠷ ᠵᠦᠢᠯ ᠦᠨᠳᠤᠰᠤᠨ ᠬᠠᠤᠯᠢ ᠶᠢᠨ ᠵᠢᠷᠠᠨ ᠭᠤᠷᠪᠠᠳᠤᠭᠠᠷ ᠵᠤᠶᠢᠯ ᠤᠨ 《ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠲᠤᠤᠷ᠎ᠠ ᠲᠤᠷᠠᠳᠤᠬᠰᠠᠨ ᠬᠦᠮᠤᠰ ᠢᠲᠤᠰᠢᠶᠠᠯ ᠠᠴᠠ ᠨᠢ ᠪᠠᠭᠤᠯᠭᠠᠬᠤ ᠡᠷᠬᠡ ᠲᠠᠢ》 ᠭᠡᠳᠡᠭ ᠲᠤ ᠨᠢᠭᠡ ᠵᠤᠷᠪᠤᠰ ᠠᠭᠤᠯᠭ᠎ᠠ ᠨᠡᠮᠡᠵᠦ᠂ 《(ᠲᠦᠷᠪᠡ)ᠤᠯᠤᠰ ᠤᠨ ᠬᠢᠨᠠᠨ ᠪᠠᠶᠢᠴᠠᠭᠠᠠᠬᠤ ᠵᠦᠪᠯᠡᠯ ᠤᠨ ᠡᠷᠬᠢᠯᠡᠭᠴᠢ》 ᠬᠡᠵᠤ ᠲᠦᠷᠪᠡᠳᠤᠭᠡᠷ ᠵᠤᠷᠪᠤᠰ ᠪᠤᠯᠭᠠᠪᠠ᠂ ᠤᠤᠯ ᠤᠨ ᠲᠦᠷᠪᠡᠳᠤᠭᠡᠷ ᠵᠤᠷᠪᠤᠰ᠂ ᠲᠠᠪᠤᠳᠤᠭᠠᠷ ᠵᠤᠷᠪᠤᠰ ᠢ ᠲᠤᠰᠪᠤᠷᠢ ᠲᠠᠪᠤᠳᠤᠭᠠᠷ ᠵᠤᠷᠪᠤᠰ᠂ ᠵᠢᠷᠭᠤᠳᠤᠭᠠᠷ ᠵᠤᠷᠪᠤᠰᠪᠤᠯᠭᠠᠨ ᠬᠤᠪᠢᠷᠠᠭᠤᠯᠪᠠ᠃     ᠲᠦᠴᠢᠨ ᠭᠤᠷᠪᠠᠳᠤᠭᠠᠷ ᠵᠦᠢᠯ ᠦᠨᠳᠤᠰᠤᠨ ᠬᠠᠤᠯᠢ ᠵᠢᠨ‌ᠵᠢᠷᠠᠨ ᠲᠠᠪᠤᠳᠤᠭᠠᠷ ᠵᠤᠶᠢᠯ ᠤᠨ ᠲᠦᠷᠪᠡᠳᠤᠭᠡᠷᠪᠠᠳᠠᠭ ᠤᠨ 《ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠤᠬᠦᠨ ᠨᠠᠷ ᠲᠦᠷᠤ ᠶᠢᠨ ᠵᠠᠰᠠᠬ ᠵᠠᠬᠢᠷᠭᠠᠨ ᠤ ᠪᠠᠶᠢᠭᠤᠯᠭ᠎ᠠ᠂ ᠰᠢᠬᠦᠨ ᠲᠠᠰᠤᠯᠬᠤ ᠪᠠ ᠪᠠᠶᠢᠴᠠᠭᠠᠬᠤᠪᠠᠶᠢᠭᠤᠯᠭ᠎ᠠ  ᠶᠢᠨ ᠲᠤᠰᠢᠶᠠᠯ ᠢ ᠬᠠᠷᠢᠭᠤᠴᠠᠵᠤ ᠪᠤᠯᠬᠤ ᠦᠬᠡᠢ》 ᠭᠡᠳᠡᠭ ᠢ 《ᠪᠦᠬᠦ ᠤᠯᠤᠰ ᠤᠨ ᠠᠷᠠᠳ ᠤᠨᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠤᠬᠦᠨ ᠨᠠᠷ ᠲᠦᠷᠤ ᠶᠢᠨ ᠵᠠᠰᠠᠬᠵᠠᠬᠢᠷᠭᠠᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠬᠦᠨ ᠲᠠᠰᠤᠯᠬᠤ ᠪᠠ ᠪᠠᠶᠢᠴᠠᠭᠠᠬᠤ ᠪᠠᠶᠢᠭᠤᠯᠭ᠎ᠠ ᠶᠢᠨ ᠲᠤᠰᠢᠶᠠᠯ ᠢ ᠬᠠᠷᠢᠭᠤᠴᠠᠵᠤ ᠪᠣᠯᠬᠤ ᠦᠭᠡᠢ》 ᠬᠡᠵᠤ ᠵᠠᠰᠠᠪᠤᠷᠢ ᠤᠷᠤᠭᠤᠯᠪᠠ᠃     ᠲᠦᠴᠢᠨ ᠲᠦᠷᠪᠡᠳᠦᠭᠡᠷ ᠵᠦᠢᠯ ᠦᠨᠳᠤᠰᠤᠨ ᠬᠠᠤᠯᠢ ᠶᠢᠨ ᠵᠢᠷᠠᠨ ᠲᠤᠯᠤᠳᠤᠭᠠᠷ ᠵᠤᠶᠢᠯ ᠤᠨ 《ᠪᠦᠬᠦᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠤᠤᠷ᠎ᠠᠲᠤᠷᠠᠳᠤᠭᠰᠠᠨ ᠡᠷᠬᠡ ᠲᠤᠰᠢᠶᠠᠯ ᠢ ᠬᠦᠢᠴᠡᠳᠬᠡᠨ᠎ᠠ ᠭᠡᠳᠡᠭ ᠤᠨ ᠵᠢᠷᠭᠤᠳᠤᠭᠠᠷ ᠵᠤᠷᠪᠤᠰ ᠤᠨ 》(ᠵᠢᠷᠭᠤᠭ᠎ᠠ)ᠲᠦᠷᠤ ᠶᠢᠨ ᠶᠠᠪᠤᠳᠠᠯ ᠤᠨ ᠬᠤᠷᠢᠶ᠎ᠠ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ᠂ ᠠᠷᠠᠳ ᠤᠨ ᠲᠡᠭᠡᠳᠤᠰᠢᠬᠦᠬᠦ ᠬᠤᠷᠢᠶ᠎ᠠ ᠪᠤᠯᠤᠨ ᠠᠷᠠᠳ ᠤᠨ ᠲᠡᠭᠡᠳᠤ ᠪᠠᠶᠢᠴᠠᠭᠠᠬᠤ ᠬᠤᠷᠢᠶᠠᠨ ᠤ ᠠᠵᠢᠯ ᠳᠤ ᠬᠢᠨᠠᠯᠳᠠ ᠲᠠᠯᠪᠢᠨ᠎ᠠ》ᠬᠡᠰᠡᠨ ᠢ 《(ᠵᠢᠷᠭᠤᠭ᠎ᠠ) ᠲᠦᠷᠤ ᠶᠢᠨ ᠶᠠᠪᠤᠳᠠᠯ ᠤᠨ ᠬᠤᠷᠢᠶ᠎ᠠ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ᠂ ᠤᠯᠤᠰ ᠤᠨ ᠬᠢᠨᠠᠨ ᠪᠠᠶᠢᠴᠠᠭᠠᠬᠤ ᠵᠦᠪᠯᠡᠯ᠂ ᠠᠷᠠᠳ ᠤᠨ ᠲᠡᠭᠡᠳᠤ ᠰᠢᠬᠦᠬᠦ ᠬᠤᠷᠢᠶ᠎ᠠ ᠪᠤᠯᠤᠨ ᠠᠷᠠᠳ ᠤᠨ ᠲᠡᠭᠡᠳᠤᠪᠠᠶᠢᠴᠠᠭᠠᠬᠤ ᠬᠤᠷᠢᠶᠠᠨ ᠤ ᠠᠵᠢᠯ ᠳᠤ ᠬᠢᠨᠠᠯᠳᠠ ᠲᠠᠯᠪᠢᠨ᠎ᠠ》 ᠬᠡᠵᠤ ᠵᠠᠰᠠᠪᠤᠷᠢ ᠤᠷᠤᠭᠤᠯᠪᠠ︔ ᠨᠢᠬᠡ ᠵᠤᠷᠪᠤᠰᠠᠭᠤᠯᠭ᠎ᠠ ᠨᠡᠮᠡᠵᠤ᠂ 《(ᠠᠷᠪᠠᠨ ᠨᠢᠭᠡ) ᠤᠯᠤᠰ ᠤᠨ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠶᠢᠨᠳᠡᠪᠰᠢᠭᠦᠯᠦᠭᠰᠡᠨ ᠨᠡᠷ᠎ᠠ ᠶᠢ ᠦᠨᠳᠤᠰᠤᠯᠠᠨ ᠤᠯᠤᠰ ᠤᠨ ᠬᠢᠨᠠᠨ ᠪᠠᠶᠢᠴᠠᠭᠠᠬᠤ ᠵᠦᠪᠯᠡᠯ ᠤᠨ ᠲᠡᠳ᠋ ᠡᠷᠬᠢᠯᠡᠭᠴᠢ᠂ᠬᠡᠰᠢᠬᠦᠨ ᠢ ᠲᠤᠮᠢᠯᠠᠬᠤ ᠪᠤᠶᠤ ᠪᠠᠭᠤᠯᠭᠠᠨ᠎ᠠ》 ᠬᠡᠵᠤ ᠠᠷᠪᠠᠨ ᠨᠢᠬᠡᠳᠤᠬᠡᠷ ᠵᠤᠷᠪᠤᠰ ᠪᠤᠯᠭᠠᠪᠠ᠂ ᠤᠤᠯ ᠤᠨ ᠠᠷᠪᠠᠨᠨᠢᠬᠡᠳᠤᠭᠡᠷ ᠵᠤᠷᠪᠤᠰ ᠠᠴᠠ ᠬᠤᠷᠢᠨ ᠨᠢᠬᠡᠳᠤᠬᠡᠷ ᠵᠤᠷᠪᠤᠰ ᠬᠦᠷᠬᠦ ᠠᠭᠤᠯᠭ᠎ᠠ ᠶᠢ ᠲᠤᠰᠪᠤᠷᠢ ᠠᠷᠪᠠᠨ ᠬᠤᠶᠠᠳᠤᠭᠠᠷᠵᠤᠷᠪᠤᠰ ᠠᠴᠠ ᠬᠤᠷᠢᠨ ᠬᠤᠶᠠᠳᠤᠭᠠᠷ ᠵᠤᠷᠪᠤᠰ ᠬᠦᠷᠬᠦ ᠠᠭᠤᠯᠭ᠎ᠠ ᠪᠤᠯᠭᠠᠨ ᠬᠤᠪᠢᠷᠠᠭᠤᠯᠪᠠ᠃     ᠦᠨᠳᠦᠰᠦᠨ ᠬᠠᠤᠯᠢ ᠶᠢᠨ ᠲᠠᠯᠠᠳᠤᠭᠠᠷ ᠵᠦᠢᠯ ᠤᠨ ᠨᠢᠭᠡᠳᠦᠭᠡᠷ ᠪᠠᠳᠠᠭ ᠤᠨ 《ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠦᠨᠳᠦᠰᠦᠳᠡᠨ ᠤ ᠵᠦᠪᠯᠡᠯ᠂ ᠬᠠᠤᠯᠢ ᠴᠠᠭᠠᠵᠠ ᠶᠢᠨ ᠵᠦᠪᠯᠡᠯ᠂ ᠡᠳ᠋ ᠤᠨᠵᠠᠰᠠᠬ ᠠᠵᠦ ᠠᠬᠤᠢ ᠶᠢᠨ ᠵᠦᠪᠯᠡᠯ᠂ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠡᠷᠡᠬᠦᠯ ᠬᠠᠮᠠᠭᠠᠯᠠᠯ ᠤᠨᠵᠦᠪᠯᠡᠯ᠂ ᠭᠠᠳᠠᠭᠠᠳᠤ ᠶᠠᠪᠤᠳᠠᠯ ᠤᠨ ᠵᠦᠪᠯᠡᠯ᠂ ᠲᠤᠮᠳᠠᠳᠤ ᠶᠢᠨ ᠬᠠᠷᠢᠶᠠᠳᠤ ᠶᠢᠨ ᠵᠦᠪᠯᠡᠯ ᠪᠠ ᠪᠤᠰᠤᠳ ᠪᠠᠶᠢᠭᠤᠯᠬᠤᠴᠢᠬᠤᠯᠠ ᠲᠠᠢ ᠲᠤᠰᠬᠠᠢ ᠵᠦᠪᠯᠡᠯ ᠤᠳ ᠢ ᠪᠠᠶᠢᠭᠤᠯᠤᠨ᠎ᠠ᠃》 ᠭᠡᠳᠡᠭ ᠢ 《ᠪᠦᠬᠦ ᠤᠯᠤᠰ ᠤᠨ ᠠᠷᠠᠳ ᠤᠨᠲᠦᠯᠦᠭᠡᠯᠡᠭᠴᠢᠳ ᠤᠨ ᠶᠡᠭᠡ ᠬᠤᠷᠠᠯ ᠦᠨᠳᠦᠰᠦᠳᠡᠨ ᠤ ᠵᠦᠪᠯᠡᠯ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨᠵᠦᠪᠯᠡᠯ᠂ ᠡᠳ᠋ ᠤᠨ ᠵᠠᠰᠠᠬ ᠠᠵᠦ ᠠᠬᠤᠢ ᠶᠢᠨ ᠵᠦᠪᠯᠡᠯ᠂ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯᠡᠷᠡᠬᠦᠯ ᠬᠠᠮᠠᠭᠠᠯᠠᠯ ᠤᠨ ᠵᠦᠪᠯᠡᠯ᠂ ᠭᠠᠳᠠᠭᠠᠳᠤ ᠶᠠᠪᠤᠳᠠᠯ ᠤᠨ ᠵᠦᠪᠯᠡᠯ᠂ ᠲᠤᠮᠳᠠᠳᠤ ᠶᠢᠨ ᠬᠠᠷᠢᠶᠠᠳᠤ ᠶᠢᠨ ᠵᠦᠪᠯᠡᠯᠪᠠ ᠪᠤᠰᠤᠳ ᠪᠠᠶᠢᠭᠤᠯᠬᠤ ᠴᠢᠬᠤᠯᠠ ᠲᠠᠢ ᠲᠤᠰᠬᠠᠢ ᠵᠦᠪᠯᠡᠯ ᠤᠳ ᠢ ᠪᠠᠶᠢᠭᠤᠯᠤᠨ᠎ᠠ᠃》 ᠭᠡᠵᠦ ᠵᠠᠰᠠᠪᠤᠷᠢᠤᠷᠤᠭᠤᠯᠪᠠ᠃     ᠲᠦᠴᠢᠨ ᠲᠠᠪᠤᠳᠤᠭᠠᠷ ᠵᠦᠢᠯ ᠦᠨᠳᠦᠰᠦᠨ ᠬᠠᠤᠯᠢ ᠶᠢᠨ ᠲᠠᠯᠠ ᠶᠢᠰᠦᠳᠦᠭᠡᠷ ᠵᠦᠢᠯ ᠤᠨ ᠭᠤᠷᠪᠠᠳᠤᠭᠠᠷᠪᠠᠳᠠᠭ ᠤᠨ 《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠶᠢᠨᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨᠶᠡᠭᠡ ᠬᠤᠷᠠᠯ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠳᠠᠯᠢ᠂ ᠵᠠᠯᠭᠠᠪᠠᠷ ᠬᠤᠶᠠᠷᠬᠤᠭᠤᠴᠠᠭ᠎ᠠ ᠠᠴᠠ ᠢᠯᠡᠭᠦᠦ ᠲᠤᠰᠢᠶᠠᠯ ᠬᠠᠷᠢᠭᠤᠴᠠᠵᠤ ᠪᠤᠯᠬᠤ ᠦᠭᠡᠢ᠃》 ᠭᠡᠳᠡᠭ ᠢ 《ᠪᠦᠭᠦᠳᠡ ᠨᠠᠶᠢᠷᠠᠮᠳᠠᠬᠤᠳᠤᠮᠳᠠᠳᠤ ᠠᠷᠠᠳ ᠤᠯᠤᠰ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠶᠢᠨ ᠬᠤᠭᠤᠴᠠᠭ᠎ᠠ ᠪᠦᠷᠢ ᠶᠢᠨ ᠲᠤᠰᠢᠶᠠᠯ ᠤᠨᠬᠤᠭᠤᠴᠠᠭ᠎ᠠ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠳᠠᠯᠢ᠃》 ᠭᠡᠵᠦ ᠵᠠᠰᠠᠪᠤᠷᠢ ᠤᠷᠤᠭᠤᠯᠪᠠ᠃     ᠲᠦᠴᠢᠨ ᠵᠢᠷᠭᠤᠳᠤᠭᠠᠷ ᠵᠦᠢᠯ ᠦᠨᠳᠦᠰᠦᠨ ᠬᠠᠤᠯᠢ ᠶᠢᠨ ᠨᠠᠶᠠ ᠶᠢᠰᠦᠳᠦᠭᠡᠷ ᠵᠦᠢᠯ ᠤᠨ 《ᠲᠦᠷᠦ ᠶᠢᠨᠶᠠᠪᠤᠳᠠᠯ ᠤᠨ ᠬᠤᠷᠢᠶ᠎ᠡ ᠳᠤᠤᠷ᠎ᠠ ᠲᠤᠷᠠᠳᠤᠭᠰᠠᠨ ᠡᠷᠬᠡ ᠲᠤᠰᠢᠶᠠᠯ ᠤᠳ ᠢ ᠭᠦᠢᠴᠡᠳᠬᠡᠨ᠎ᠡ》 ᠭᠡᠳᠡᠭ ᠤᠨᠵᠢᠷᠭᠤᠳᠤᠭᠠᠷ ᠵᠤᠷᠪᠤᠰ 《(ᠵᠢᠷᠭᠤᠭ᠎ᠠ) ᠠᠵᠤ ᠠᠬᠤᠢ ᠶᠢᠨ ᠠᠵᠢᠯ ᠪᠤᠯᠤᠨ ᠬᠤᠲᠠ ᠬᠦᠳᠡᠭᠡ ᠶᠢᠨ ᠪᠦᠲᠦᠭᠡᠨᠪᠠᠶᠢᠭᠤᠯᠤᠯᠲᠠ ᠶᠢ ᠤᠳᠤᠷᠢᠳᠤᠨ ᠬᠠᠮᠢᠶᠠᠷᠤᠨ᠎ᠠ》 ᠭᠡᠳᠡᠭ ᠢ 《(ᠵᠢᠷᠭᠤᠭ᠎ᠠ) ᠠᠵᠤ ᠠᠬᠤᠢ ᠶᠢᠨ ᠠᠵᠢᠯ ᠪᠠᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠤᠳᠤᠷᠢᠳᠤᠨ ᠬᠠᠮᠢᠶᠠᠷᠤᠨ᠎ᠠ》 ᠭᠡᠵᠦ ᠵᠠᠰᠠᠪᠤᠷᠢ ᠤᠷᠤᠭᠤᠯᠪᠠ︔ ᠨᠠᠢᠮᠠᠳᠤᠭᠠᠷ ᠵᠤᠷᠪᠤᠰ 《(ᠨᠠᠢᠮᠠ) ᠠᠷᠠᠳ ᠤᠨᠶᠠᠪᠤᠳᠠᠯ᠂ ᠲᠤᠳᠤᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠵᠠᠰᠠᠬ ᠵᠠᠬᠢᠷᠭ᠎ᠠ ᠪᠠ ᠬᠢᠨᠠᠨ ᠪᠠᠶᠢᠴᠠᠭᠠᠬᠤ ᠵᠡᠷᠭᠡᠠᠵᠢᠯ ᠢ ᠤᠳᠤᠷᠢᠳᠤᠨ ᠬᠠᠮᠢᠶᠠᠷᠤᠨ᠎ᠠ》 ᠭᠡᠳᠡᠭ ᠢ 《(ᠨᠠᠢᠮᠠ) ᠠᠷᠠᠳ ᠤᠨ ᠶᠠᠪᠤᠳᠠᠯ᠂ ᠲᠤᠳᠤᠭᠠᠳᠤ ᠶᠢᠬᠠᠮᠠᠭᠠᠯᠠᠬᠤ᠂ ᠬᠠᠤᠯᠢ ᠴᠠᠭᠠᠵᠠ ᠶᠢᠨ ᠵᠠᠰᠠᠬ ᠵᠠᠬᠢᠷᠭ᠎ᠠ ᠵᠡᠷᠭᠡ ᠠᠵᠢᠯ ᠢ ᠤᠳᠤᠷᠢᠳᠤᠨ ᠬᠠᠮᠢᠶᠠᠷᠤᠨ᠎ᠠ》 ᠭᠡᠵᠦ ᠵᠠᠰᠠᠪᠤᠷᠢ ᠤᠷᠤᠭᠤᠯᠪᠠ᠃     ᠲᠦᠴᠢᠨ ᠲᠤᠯᠤᠳᠤᠭᠠᠷ ᠵᠦᠢᠯ ᠦᠨᠳᠦᠰᠦᠨ ᠬᠠᠤᠯᠢ ᠶᠢᠨ ᠵᠠᠭᠤᠳᠤᠭᠠᠷ ᠵᠦᠢᠯ ᠳᠤ ᠨᠢᠭᠡ ᠪᠠᠳᠠᠭ ᠠᠭᠤᠯᠭ᠎ᠠᠨᠡᠮᠡᠵᠦ᠂ ᠬᠤᠶᠠᠳᠤᠭᠠᠷ ᠪᠠᠳᠠᠭ ᠪᠤᠯᠭᠠᠪᠠ᠄ 《ᠲᠤᠭᠤᠷᠢᠬ ᠬᠤᠪᠢᠶᠠᠭᠰᠠᠨ ᠬᠤᠲᠠ ᠶᠢᠨ ᠠᠷᠠᠳ ᠤᠨᠲᠦᠯᠦᠭᠡᠯᠡᠭᠴᠢᠳ ᠤᠨ ᠶᠡᠭᠡ ᠬᠤᠷᠠᠯ ᠪᠠ ᠲᠡᠳᠡᠨ ᠤ ᠪᠠᠶᠢᠩᠭᠤ ᠶᠢᠨ ᠬᠤᠷᠢᠶ᠎ᠠ ᠨᠢ ᠦᠨᠳᠦᠰᠦᠨ ᠬᠠᠤᠯᠢ᠂ ᠬᠠᠤᠯᠢᠴᠠᠭᠠᠵᠠ᠂ ᠵᠠᠰᠠᠬ ᠵᠠᠬᠢᠷᠭᠠᠨ ᠤ ᠬᠠᠤᠯᠢ ᠳᠤᠭᠳᠠᠭᠠᠯ ᠪᠠ ᠲᠤᠰ ᠮᠤᠵᠢ᠂ ᠦᠪᠡᠷᠲᠡᠭᠡᠨ ᠵᠠᠰᠠᠬᠤ ᠤᠷᠤᠨ ᠤ ᠤᠷᠤᠨᠨᠤᠲᠤᠬ ᠤᠨ ᠴᠢᠨᠠᠷᠲᠠᠢ ᠬᠠᠤᠯᠢ ᠳᠤᠭᠳᠠᠭᠠᠯ ᠲᠠᠢ ᠬᠠᠷᠰᠢᠯᠳᠤᠬᠤ ᠦᠭᠡᠢ ᠤᠷᠢᠳᠠᠯ ᠳᠤᠤᠷ᠎ᠠ᠂ ᠬᠠᠤᠯᠢ ᠶᠤᠰᠤᠭᠠᠷᠤᠷᠤᠨ ᠨᠤᠲᠤᠬ ᠤᠨ ᠴᠢᠨᠠᠷᠲᠠᠢ ᠬᠠᠤᠯᠢ ᠳᠤᠭᠳᠠᠭᠠᠯ ᠢ ᠲᠤᠬᠲᠠᠭᠠᠵᠤ᠂ ᠲᠤᠰ ᠮᠤᠵᠢ᠂ ᠦᠪᠡᠷᠲᠡᠭᠡᠨ ᠵᠠᠰᠠᠬᠤᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠦᠨᠵᠦᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠵᠦ ᠪᠤᠯᠦᠨ᠎ᠡ᠃》     ᠲᠦᠴᠢᠨ ᠨᠠᠢᠮᠠᠳᠤᠭᠠᠷ ᠵᠦᠢᠯ ᠦᠨᠳᠦᠰᠦᠨ ᠬᠠᠤᠯᠢ ᠶᠢᠨ ᠵᠠᠭᠤ ᠪᠦᠭᠡᠳ ᠨᠢᠭᠡᠳᠦᠭᠡᠷ ᠵᠦᠢᠯ ᠤᠨᠬᠤᠶᠠᠳᠤᠭᠠᠷ ᠪᠠᠳᠠᠭ ᠲᠠᠬᠢ 《ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠬ ᠤᠨ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠨᠢ ᠲᠤᠰ ᠱᠠᠲᠤᠨ ᠤ ᠠᠷᠠᠳ ᠤᠨ ᠰᠢᠬᠦᠬᠦ ᠬᠤᠷᠢᠶᠠᠨ ᠤ ᠬᠤᠷᠢᠶᠠᠨᠳᠠᠷᠤᠭ᠎ᠠ ᠪᠠ ᠲᠤᠰ ᠱᠠᠲᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠢ ᠰᠤᠩᠭᠤᠬᠤᠪᠦᠭᠡᠳ ᠪᠠᠭᠤᠯᠭᠠᠬᠤ ᠡᠷᠬᠡ ᠲᠠᠢ᠃》 ᠭᠡᠳᠡᠭ ᠢ 《ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠬ ᠤᠨᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠨᠢ ᠲᠤᠰ ᠱᠠᠲᠤᠨ ᠤ ᠬᠢᠨᠠᠨ ᠪᠠᠶᠢᠴᠠᠭᠠᠬᠤᠵᠦᠪᠯᠡᠯ ᠤᠨ ᠡᠷᠬᠢᠯᠡᠭᠴᠢ᠂ ᠲᠤᠰ ᠱᠠᠲᠤᠨ ᠤ ᠠᠷᠠᠳ ᠤᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠪᠠ ᠲᠤᠰᠱᠠᠲᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠢ ᠰᠤᠩᠭᠤᠬᠤ ᠪᠦᠭᠡᠳ ᠪᠠᠭᠤᠯᠭᠠᠬᠤᠡᠷᠬᠡ ᠲᠠᠢ᠃》 ᠭᠡᠵᠦ ᠵᠠᠰᠠᠪᠤᠷᠢ ᠤᠷᠤᠭᠤᠯᠪᠠ᠃     ᠲᠦᠴᠢ ᠶᠢᠰᠦᠳᠦᠭᠡᠷ ᠵᠦᠢᠯ ᠦᠨᠳᠦᠰᠦᠨ ᠬᠠᠤᠯᠢ ᠶᠢᠨ ᠵᠠᠭᠤ ᠪᠦᠭᠡᠳ ᠭᠤᠷᠪᠠᠳᠤᠭᠠᠷ ᠵᠦᠢᠯ ᠤᠨᠭᠤᠷᠪᠠᠳᠤᠭᠠᠷ ᠪᠠᠳᠠᠭ ᠤᠨ 《ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠬ ᠤᠨ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠨᠠᠷ ᠲᠦᠷᠦ ᠶᠢᠨ ᠵᠠᠰᠠᠬᠵᠠᠬᠢᠷᠭᠠᠨ ᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ ᠪᠠ ᠪᠠᠶᠢᠴᠠᠭᠠᠬᠤ ᠪᠠᠶᠢᠭᠤᠯᠭ᠎ᠠ ᠳᠤ ᠲᠤᠰᠢᠶᠠᠯᠬᠠᠷᠢᠭᠤᠴᠠᠵᠤ ᠪᠤᠯᠬᠤ ᠦᠭᠡᠢ᠃》 ᠭᠡᠳᠡᠭ ᠢ 《ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠬ ᠤᠨ ᠡᠯ᠎ᠡᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠨᠠᠷᠲᠦᠷᠦ ᠶᠢᠨ ᠵᠠᠰᠠᠬ ᠵᠠᠬᠢᠷᠭᠠᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤᠪᠠᠶᠢᠭᠤᠯᠭ᠎ᠠ ᠪᠠ ᠪᠠᠶᠢᠴᠠᠭᠠᠬᠤ ᠪᠠᠶᠢᠭᠤᠯᠭ᠎ᠠ ᠳᠤ ᠲᠤᠰᠢᠶᠠᠯ ᠬᠠᠷᠢᠭᠤᠴᠠᠵᠤ ᠪᠣᠯᠬᠤ ᠦᠭᠡᠢ᠃》 ᠭᠡᠵᠦ ᠵᠠᠰᠠᠪᠤᠷᠢᠤᠷᠤᠭᠤᠯᠪᠠ᠃     ᠲᠠᠪᠢᠳᠤᠭᠠᠷ ᠵᠦᠢᠯ ᠦᠨᠳᠦᠰᠦᠨ ᠬᠠᠤᠯᠢ ᠶᠢᠨ ᠵᠠᠭᠤ ᠪᠦᠭᠡᠳ ᠳᠦᠷᠪᠡᠳᠦᠭᠡᠷ ᠵᠦᠢᠯ ᠤᠨ 《ᠲᠤᠰ ᠱᠠᠲᠤᠨ ᠤ ᠠᠷᠠᠳ ᠤᠨ ᠵᠠᠰᠠᠬ ᠤᠨ ᠤᠷᠳᠤᠨ᠂ ᠠᠷᠠᠳ ᠤᠨ ᠰᠢᠬᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶᠠᠨ ᠤᠠᠵᠢᠯ ᠳᠤ ᠬᠢᠨᠠᠯᠲᠠ ᠲᠠᠯᠪᠢᠨ᠎ᠠ》 ᠭᠡᠳᠡᠭ ᠢ《ᠲᠤᠰ ᠱᠠᠲᠤᠨ ᠤ ᠠᠷᠠᠳ ᠤᠨ ᠵᠠᠰᠠᠬ ᠤᠨ ᠤᠷᠳᠤᠨ᠂ ᠬᠢᠨᠠᠨᠪᠠᠶᠢᠴᠠᠭᠠᠬᠤ ᠵᠦᠪᠯᠡᠯ᠂ ᠠᠷᠠᠳ ᠤᠨ ᠰᠢᠬᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠳᠤᠬᠢᠨᠠᠯᠲᠠ ᠲᠠᠯᠪᠢᠨ᠎ᠠ》 ᠭᠡᠵᠦ ᠵᠠᠰᠠᠪᠤᠷᠢ ᠤᠷᠤᠭᠤᠯᠪᠠ᠃ ᠡᠨᠡᠬᠦ ᠵᠦᠢᠯ ᠢ᠄ 《ᠰᠢᠶᠠᠨ ᠤ ᠱᠠᠲᠤᠨ ᠠᠴᠠ ᠳᠡᠭᠡᠭᠰᠢᠬᠢᠤᠷᠤᠨ ᠨᠤᠲᠤᠬ ᠤᠨ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨᠬᠤᠷᠢᠶ᠎ᠠ ᠲᠤᠰ ᠵᠠᠰᠠᠬ ᠵᠠᠬᠢᠷᠭᠠᠨ ᠤ ᠤᠷᠤᠨ ᠤ ᠪᠠᠨ ᠲᠤᠳᠤᠷᠠᠬᠢ ᠡᠯ᠎ᠡ ᠲᠠᠯ᠎ᠠ ᠶᠢᠨ ᠠᠵᠢᠯ ᠤᠨ ᠴᠢᠬᠤᠯᠠ ᠶᠡᠭᠡᠶᠠᠪᠤᠳᠠᠯ  ᠤᠳ ᠢ ᠶᠠᠷᠢᠯᠴᠠᠬᠤ ᠪᠦᠭᠡᠳ ᠲᠤᠬᠲᠠᠭᠠᠨ᠎ᠠ︔ ᠲᠤᠰ ᠱᠠᠲᠤᠨ ᠤ ᠠᠷᠠᠳ ᠤᠨ ᠵᠠᠰᠠᠬ ᠤᠨ ᠤᠷᠳᠤᠨ᠂ᠬᠢᠨᠠᠨ ᠪᠠᠶᠢᠴᠠᠭᠠᠬᠤ ᠵᠦᠪᠯᠡᠯ᠂ ᠠᠷᠠᠳ ᠤᠨ ᠰᠢᠬᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶᠠᠨ ᠤᠠᠵᠢᠯ ᠳᠤ ᠬᠢᠨᠠᠯᠲᠠ ᠲᠠᠯᠪᠢᠨ᠎ᠠ︔ ᠲᠤᠰ ᠱᠠᠲᠤᠨ ᠤ ᠠᠷᠠᠳ ᠤᠨ ᠵᠠᠰᠠᠬ ᠤᠨ ᠤᠷᠳᠤᠨ ᠤ ᠵᠤᠬᠢᠰ ᠦᠭᠡᠢᠲᠤᠬᠲᠠᠭᠠᠯ ᠪᠠ ᠵᠠᠷᠯᠢᠬ ᠢ ᠬᠦᠴᠦᠨ ᠦᠭᠡᠢ ᠪᠤᠯᠭᠠᠨ᠎ᠠ︔ ᠳᠤᠤᠷ᠎ᠠ ᠨᠢᠭᠡ ᠱᠠᠲᠤᠨ ᠤ ᠠᠷᠠᠳ ᠤᠨᠲᠦᠯᠦᠭᠡᠯᠡᠭᠴᠢᠳ ᠤᠨ ᠶᠡᠭᠡ ᠬᠤᠷᠠᠯ ᠤᠨ ᠵᠤᠬᠢᠰ ᠦᠭᠡᠢ ᠰᠢᠢᠳᠪᠦᠷᠢ ᠶᠢ ᠬᠦᠴᠦᠨ ᠦᠭᠡᠢ ᠪᠤᠯᠭᠠᠨ᠎ᠠ︔ᠬᠠᠤᠯᠢ ᠳᠤ ᠲᠤᠬᠲᠠᠭᠠᠬᠰᠠᠨ ᠡᠷᠬᠡ ᠮᠡᠳᠡᠯ ᠤᠨ ᠬᠡᠪᠴᠢᠶᠡᠨ ᠲᠤᠳᠤᠷ᠎ᠠ ᠲᠦᠷᠦ ᠶᠢᠨ ᠪᠠᠶᠢᠭᠤᠯᠤᠯᠭ᠎ᠠ ᠶᠢᠨ ᠠᠵᠢᠯᠲᠠᠨ ᠢ ᠲᠤᠮᠢᠯᠠᠬᠤ ᠪᠤᠶᠤ ᠪᠠᠭᠤᠯᠭᠠᠬᠤ ᠶᠢ ᠲᠤᠬᠲᠠᠭᠠᠨ᠎ᠠ︔ ᠲᠤᠰ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡᠬᠤᠷᠠᠯ ᠤᠨ ᠬᠤᠷᠠᠯᠳᠤᠭᠠᠨ ᠲᠡᠭᠦᠰᠦᠭᠰᠡᠨ ᠬᠤᠭᠤᠴᠠᠭᠠᠨ ᠳᠤ᠂ ᠳᠡᠭᠡᠷ᠎ᠡ ᠨᠢᠭᠡ ᠱᠠᠲᠤᠨ ᠤ ᠠᠷᠠᠳ ᠤᠨᠲᠦᠯᠦᠭᠡᠯᠡᠭᠴᠢᠳ ᠤᠨ ᠶᠡᠭᠡ ᠬᠤᠷᠠᠯ ᠤᠨ ᠤᠨᠴᠠ ᠵᠠᠷᠢᠮ ᠲᠦᠯᠦᠭᠡᠯᠡᠭᠴᠢ ᠶᠢ ᠪᠠᠭᠤᠯᠭᠠᠬᠤ ᠪᠤᠶᠤ ᠨᠦᠬᠦᠪᠦᠷᠢᠯᠡᠵᠦᠰᠤᠩᠭᠤᠨ᠎ᠠ》ᠭᠡᠵᠦ ᠬᠠᠷᠠᠭᠠᠯᠵᠠᠭᠤᠯᠤᠨ ᠵᠠᠰᠠᠪᠤᠷᠢ ᠤᠷᠤᠭᠤᠯᠪᠠ᠃     ᠲᠠᠪᠢᠨ ᠨᠢᠭᠡᠳᠦᠭᠡᠷ ᠵᠦᠢᠯ ᠦᠨᠳᠦᠰᠦᠨ ᠬᠠᠤᠯᠢ ᠶᠢᠨ ᠵᠠᠭᠤ ᠪᠦᠭᠡᠳ ᠳᠤᠯᠤᠳᠤᠭᠠᠷ ᠵᠦᠢᠯ ᠤᠨ ᠨᠢᠭᠡᠳᠦᠭᠡᠷᠪᠠᠳᠠᠭ ᠤᠨ 《ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠬ ᠤᠨ ᠡᠯ᠎ᠡ ᠱᠠᠲᠤᠨ ᠤ ᠠᠷᠠᠳ ᠤᠨ ᠵᠠᠰᠠᠬ ᠤᠨ ᠤᠷᠳᠤᠨ ᠬᠠᠤᠯᠢ ᠳᠤ ᠲᠤᠬᠲᠠᠭᠠᠬᠰᠠᠨ ᠡᠷᠬᠡ ᠮᠡᠳᠡᠯ ᠤᠨ ᠬᠡᠪᠴᠢᠶᠡᠨ ᠲᠤᠳᠤᠷ᠎ᠠ ᠲᠤᠰ ᠵᠠᠰᠠᠬ ᠵᠠᠬᠢᠷᠭᠠᠨ ᠤᠤᠷᠤᠨ ᠤ ᠠᠵᠤ ᠠᠬᠤᠢ᠂ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠰᠤᠶᠤᠯ᠂ ᠡᠷᠡᠭᠦᠯ ᠬᠠᠮᠠᠭᠠᠯᠠᠯ᠂ᠪᠡᠶ᠎ᠡ ᠶᠢᠨ ᠲᠠᠮᠢᠷ ᠤᠨ ᠦᠢᠯᠡᠰ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠪᠠ ᠡᠳ᠋ ᠤᠨᠵᠠᠰᠠᠬ᠂ ᠠᠷᠠᠳ ᠤᠨ ᠶᠠᠪᠤᠳᠠᠯ᠂ ᠲᠤᠳᠤᠭᠠᠳᠤ ᠶᠢ ᠬᠠᠮᠠᠭᠠᠯᠠᠬᠤ᠂ ᠦᠨᠳᠦᠰᠦᠲᠡᠨ ᠤ ᠬᠡᠷᠡᠭ ᠶᠠᠪᠤᠳᠠᠯ᠂ ᠬᠠᠤᠯᠢᠴᠠᠭᠠᠵᠠ ᠶᠢᠨ ᠵᠠᠰᠠᠬ ᠵᠠᠬᠢᠷᠭ᠎ᠠ᠂ ᠬᠢᠨᠠᠨ ᠪᠠᠶᠢᠴᠠᠭᠠᠬᠤ᠂ ᠲᠦᠯᠦᠪᠯᠡᠭᠡᠳᠤ ᠦᠷᠡᠵᠢᠯ ᠵᠡᠷᠭᠡ ᠶᠢᠨ ᠵᠠᠰᠠᠬ ᠵᠠᠬᠢᠷᠭᠠᠨ ᠤᠠᠵᠢᠯ ᠢ ᠬᠠᠮᠢᠶᠠᠷᠴᠤ᠂ ᠲᠤᠬᠲᠠᠭᠠᠯ ᠪᠠ ᠵᠠᠷᠯᠢᠬ ᠨᠡᠶᠢᠲᠡᠯᠡᠵᠦ᠂ ᠵᠠᠰᠠᠬ ᠵᠠᠬᠢᠷᠭᠠᠨ ᠤ ᠠᠵᠢᠯᠲᠠᠳ ᠢ ᠲᠤᠮᠢᠯᠠᠬᠤ ᠪᠠᠪᠠᠭᠤᠯᠭᠠᠬᠤ᠂ ᠬᠦᠮᠦᠵᠢᠭᠦᠯᠦᠨ ᠪᠤᠯᠪᠠᠰᠤᠷᠠᠭᠤᠯᠬᠤ᠂ ᠬᠢᠨᠠᠨ ᠰᠢᠯᠭᠠᠬᠤ ᠪᠠ ᠱᠠᠩᠨᠠᠵᠤ ᠰᠢᠳᠬᠡᠨ᠎ᠡ᠃》 ᠭᠡᠳᠡᠭ ᠢ 《ᠰᠢᠶᠠᠨ ᠤ ᠱᠠᠲᠤᠨ ᠠᠴᠠ ᠳᠡᠭᠡᠭᠰᠢᠬᠢ ᠤᠷᠤᠨ ᠨᠤᠲᠤᠬ ᠤᠨ ᠡᠯ᠎ᠡ ᠱᠠᠲᠤᠨ ᠤ ᠠᠷᠠᠳ ᠤᠨ ᠵᠠᠰᠠᠬ ᠤᠨ ᠤᠷᠳᠤᠨᠬᠠᠤᠯᠢ ᠳᠤ ᠲᠤᠬᠲᠠᠭᠠᠬᠰᠠᠨ ᠡᠷᠬᠡ ᠮᠡᠳᠡᠯ ᠤᠨ ᠬᠡᠪᠴᠢᠶᠡᠨ ᠲᠤᠳᠤᠷ᠎ᠠ ᠲᠤᠰ ᠵᠠᠰᠠᠬ ᠵᠠᠬᠢᠷᠭᠠᠨ ᠤ ᠤᠷᠤᠨ ᠤ ᠠᠵᠤᠠᠬᠤᠢ᠂ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠰᠤᠶᠤᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨᠦᠢᠯᠡᠰ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠪᠠ ᠡᠳ᠋ ᠤᠨ ᠵᠠᠰᠠᠬ᠂ ᠠᠷᠠᠳ ᠤᠨᠶᠠᠪᠤᠳᠠᠯ᠂ ᠲᠤᠳᠤᠭᠠᠳᠤ ᠶᠢ ᠬᠠᠮᠠᠭᠠᠯᠠᠬᠤ᠂ ᠦᠨᠳᠦᠰᠦᠲᠡᠨ ᠤ ᠬᠡᠷᠡᠭ ᠶᠠᠪᠤᠳᠠᠯ᠂ ᠬᠠᠤᠯᠢ ᠴᠠᠭᠠᠵᠠ ᠶᠢᠨ ᠵᠠᠰᠠᠬᠵᠠᠬᠢᠷᠭ᠎ᠠ᠂ ᠲᠦᠯᠦᠪᠯᠡᠭᠡᠲᠤ ᠦᠷᠡᠵᠢᠯ ᠵᠡᠷᠭᠡ ᠶᠢᠨ ᠵᠠᠰᠠᠬ ᠵᠠᠬᠢᠷᠭᠠᠨ ᠤ ᠠᠵᠢᠯ ᠢ ᠬᠠᠮᠢᠶᠠᠷᠴᠤ᠂ ᠲᠤᠬᠲᠠᠭᠠᠯ ᠪᠠᠵᠠᠷᠯᠢᠬ ᠨᠡᠶᠢᠲᠡᠯᠡᠵᠦ᠂ ᠵᠠᠰᠠᠬ ᠵᠠᠬᠢᠷᠭᠠᠨ ᠤ ᠠᠵᠢᠯᠲᠠᠳ ᠢ ᠲᠤᠮᠢᠯᠠᠬᠤ ᠪᠠ ᠪᠠᠭᠤᠯᠭᠠᠬᠤ᠂ ᠬᠦᠮᠦᠵᠢᠭᠦᠯᠦᠨᠪᠤᠯᠪᠠᠰᠤᠷᠠᠭᠤᠯᠬᠤ᠂ ᠬᠢᠨᠠᠨ ᠰᠢᠯᠭᠠᠬᠤ ᠪᠠ ᠱᠠᠩᠨᠠᠵᠤ ᠰᠢᠳᠬᠡᠨ᠎ᠡ᠃》 ᠭᠡᠵᠦ ᠵᠠᠰᠠᠪᠤᠷᠢ ᠤᠷᠤᠭᠤᠯᠪᠠ᠃     ᠲᠠᠪᠢᠨ ᠬᠤᠶᠠᠳᠤᠭᠠᠷ ᠵᠦᠢᠯ ᠦᠨᠳᠦᠰᠦᠨ ᠬᠠᠤᠯᠢ ᠶᠢᠨ ᠭᠤᠷᠪᠠᠳᠤᠭᠠᠷ ᠪᠦᠯᠦᠭ ᠤᠨ 《ᠲᠦᠷᠦ ᠶᠢᠨ ᠪᠠᠶᠢᠭᠤᠯᠤᠮᠵᠢ》 ᠳᠤ ᠨᠢᠭᠡ ᠭᠡᠰᠡᠭ ᠠᠭᠤᠯᠭ᠎ᠠ ᠨᠡᠮᠡᠵᠦ᠂ ᠲᠤᠯᠤᠳᠤᠭᠠᠷ ᠬᠡᠰᠡᠭ 《ᠬᠢᠨᠠᠨ ᠪᠠᠶᠢᠴᠠᠭᠠᠬᠤ ᠵᠦᠪᠯᠡᠯ》ᠪᠤᠯᠭᠠᠪᠠ︔ ᠲᠠᠪᠤᠨ ᠵᠤᠷᠪᠤᠰ ᠠᠭᠤᠯᠭ᠎ᠠ ᠨᠡᠮᠡᠵᠦ᠂ ᠲᠤᠰ ᠪᠦᠷᠢ ᠵᠠᠭᠤ ᠬᠤᠷᠢᠨ ᠭᠤᠷᠪᠠᠳᠤᠭᠠᠷ ᠵᠦᠢᠯ ᠠᠴᠠ ᠵᠠᠭᠤᠬᠤᠷᠢᠨ ᠲᠤᠯᠤᠳᠤᠭᠠᠷ ᠵᠦᠢᠯ ᠪᠤᠯᠭᠠᠪᠠ᠃ ᠠᠭᠤᠯᠭ᠎ᠠ ᠨᠢ ᠳᠤᠤᠷᠠᠬᠢ ᠮᠡᠲᠦ᠄     ᠳᠤᠯᠤᠳᠤᠭᠠᠷ ᠬᠡᠰᠡᠭ ᠬᠢᠨᠠᠨ ᠪᠠᠶᠢᠴᠠᠭᠠᠬᠤ ᠵᠦᠪᠯᠡᠯ     ᠵᠠᠭᠤ ᠬᠤᠷᠢᠨ ᠭᠤᠷᠪᠠᠳᠤᠭᠠᠷ ᠵᠦᠢᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯ᠎ᠡ ᠱᠠᠲᠤᠨ ᠤ ᠬᠢᠨᠠᠨ ᠪᠠᠶᠢᠴᠠᠭᠠᠬᠤ ᠵᠦᠪᠯᠡᠯ ᠪᠤᠯ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠯᠭ᠎ᠠ ᠪᠤᠯᠤᠨ᠎ᠠ᠃     ᠵᠠᠭᠤ ᠬᠤᠷᠢᠨ ᠳᠦᠷᠪᠡᠳᠦᠭᠡᠷ ᠵᠦᠢᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠠᠴᠠ ᠤᠯᠤᠰ ᠤᠨᠬᠢᠨᠠᠨ ᠪᠠᠶᠢᠴᠠᠭᠠᠬᠤ ᠵᠦᠪᠯᠡᠯ ᠪᠠ ᠤᠷᠤᠨ ᠨᠤᠲᠤᠬ ᠤᠨ ᠡᠯ᠎ᠡ ᠱᠠᠲᠤᠨ ᠤ ᠬᠢᠨᠠᠨ ᠪᠠᠶᠢᠴᠠᠭᠠᠬᠤ ᠵᠦᠪᠯᠡᠯ ᠢᠪᠠᠶᠢᠭᠤᠯᠤᠨ᠎ᠠ᠃     ᠬᠢᠨᠠᠨ ᠪᠠᠶᠢᠴᠠᠭᠠᠬᠤ ᠵᠦᠪᠯᠡᠯ ᠲᠤᠤᠷ᠎ᠡ ᠲᠤᠷᠠᠳᠤᠭᠰᠠᠨ ᠬᠦᠮᠦᠰ ᠢᠶᠠᠷ ᠪᠦᠷᠢᠯᠳᠦᠨ᠎ᠡ᠄     ᠡᠷᠬᠢᠯᠡᠭᠴᠢ᠂     ᠲᠡᠳ᠋ ᠡᠷᠬᠢᠯᠡᠭᠴᠢ ᠨᠦᠭᠦᠳ᠂     ᠭᠡᠰᠢᠬᠦᠨ ᠨᠦᠭᠦᠳ᠃     ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠶᠢᠨ ᠬᠤᠭᠤᠴᠠᠭ᠎ᠠ ᠪᠦᠷᠢ ᠶᠢᠨ ᠲᠤᠰᠢᠶᠠᠯ ᠤᠨᠬᠤᠭᠤᠴᠠᠭ᠎ᠠ ᠨᠢ ᠲᠤᠰ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠᠪᠦᠷᠢ ᠶᠢᠨ ᠲᠤᠰᠢᠶᠠᠯ ᠤᠨ ᠬᠤᠭᠤᠴᠠᠭ᠎ᠠ ᠲᠠᠢ ᠠᠳᠠᠯᠢ᠃ ᠤᠯᠤᠰ ᠤᠨ ᠬᠢᠨᠠᠨ ᠪᠠᠶᠢᠴᠠᠭᠠᠬᠤ ᠵᠦᠪᠯᠡᠯ ᠤᠨᠡᠷᠬᠢᠯᠡᠭᠴᠢ ᠵᠠᠯᠭᠠᠪᠡᠷ ᠬᠤᠶᠠᠷ ᠬᠤᠭᠤᠴᠠᠭ᠎ᠠ ᠠᠴᠠ ᠢᠯᠡᠭᠦᠤ ᠲᠤᠰᠢᠶᠠᠯ ᠬᠠᠷᠢᠭᠤᠴᠠᠵᠤ ᠪᠣᠯᠬᠤ ᠦᠭᠡᠢ᠃     ᠬᠢᠨᠠᠨ ᠪᠠᠶᠢᠴᠠᠭᠠᠬᠤ ᠵᠦᠪᠯᠡᠯ ᠤᠨ ᠵᠤᠬᠢᠶᠠᠨ ᠪᠠᠶᠢᠭᠤᠯᠤᠯᠲᠠ ᠪᠤᠯᠤᠨ ᠡᠷᠭᠡ ᠲᠤᠰᠢᠶᠠᠯ ᠢ ᠬᠠᠤᠯᠢ ᠪᠠᠷᠲᠤᠭᠲᠠᠭᠠᠨ᠎ᠡ᠃     ᠵᠠᠭᠤ ᠬᠤᠷᠢᠨ ᠲᠠᠪᠤᠳᠤᠭᠠᠷ ᠵᠦᠢᠯ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨᠬᠢᠨᠠᠨ ᠪᠠᠶᠢᠴᠠᠭᠠᠬᠤ ᠵᠦᠪᠯᠡᠯ ᠪᠤᠯ ᠬᠠᠮᠤᠭ ᠤᠨ ᠲᠡᠭᠡᠳᠤ ᠬᠢᠨᠠᠨ ᠪᠠᠶᠢᠴᠠᠭᠠᠬᠤ ᠪᠠᠶᠢᠭᠤᠯᠭ᠎ᠠ ᠮᠦᠨ᠃     ᠤᠯᠤᠰ ᠤᠨ ᠬᠢᠨᠠᠨ ᠪᠠᠶᠢᠴᠠᠭᠠᠬᠤ ᠵᠦᠪᠯᠡᠯ ᠤᠷᠤᠨ ᠨᠤᠲᠤᠭ ᠤᠨ ᠡᠯ᠎ᠡ ᠱᠠᠲᠤᠨ ᠤ ᠬᠢᠨᠠᠨ ᠪᠠᠶᠢᠴᠠᠭᠠᠬᠤᠵᠦᠪᠯᠡᠯ ᠤᠨ ᠠᠵᠢᠯ ᠢ ᠤᠳᠤᠷᠢᠳᠴᠤ᠂ ᠲᠡᠭᠡᠷ᠎ᠡ ᠱᠠᠲᠤᠨ ᠤ ᠬᠢᠨᠠᠨ ᠪᠠᠶᠢᠴᠠᠭᠠᠬᠤ ᠵᠦᠪᠯᠡᠯ ᠨᠢ ᠲᠤᠤᠷ᠎ᠡ ᠱᠠᠲᠤᠨ ᠤᠬᠢᠨᠠᠨ ᠪᠠᠶᠢᠴᠠᠭᠠᠬᠤ ᠵᠦᠪᠯᠡᠯ ᠤᠨ ᠠᠵᠢᠯ ᠢ ᠤᠳᠤᠷᠢᠳᠤᠨ᠎ᠡ᠃     ᠵᠠᠭᠤ ᠬᠤᠷᠢᠨ ᠵᠢᠷᠭᠤᠳᠤᠭᠠᠷ ᠵᠦᠢᠯ ᠤᠯᠤᠰ ᠤᠨ ᠬᠢᠨᠠᠨ ᠪᠠᠶᠢᠴᠠᠭᠠᠬᠤ ᠵᠦᠪᠯᠡᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠡ ᠳᠤ ᠬᠠᠷᠢᠭᠤᠴᠠᠨ᠎ᠡ᠃ ᠤᠷᠤᠨ ᠨᠤᠲᠤᠭ ᠤᠨ ᠡᠯ᠎ᠡ ᠱᠠᠲᠤᠨ ᠤ ᠬᠢᠨᠠᠨ ᠪᠠᠶᠢᠴᠠᠭᠠᠬᠤᠵᠦᠪᠯᠡᠯ ᠨᠢ ᠲᠡᠭᠦᠨ ᠤ ᠪᠤᠢ ᠪᠤᠯᠤᠭᠰᠠᠨ ᠲᠦᠷᠦ ᠶᠢᠨ ᠡᠷᠭᠡᠲᠤ ᠪᠠᠶᠢᠭᠤᠯᠭ᠎ᠠ ᠪᠠ ᠲᠡᠭᠡᠷ᠎ᠡ ᠱᠠᠲᠤᠨ ᠤ ᠬᠢᠨᠠᠨᠪᠠᠶᠢᠴᠠᠭᠠᠬᠤ ᠵᠦᠪᠯᠡᠯ ᠳᠤ ᠬᠠᠷᠢᠭᠤᠴᠠᠨ᠎ᠡ᠃     ᠵᠠᠭᠤ ᠬᠤᠷᠢᠨ ᠲᠤᠯᠤᠳᠤᠭᠠᠷ ᠵᠦᠢᠯ ᠬᠢᠨᠠᠨ ᠪᠠᠶᠢᠴᠠᠭᠠᠬᠤ ᠵᠦᠪᠯᠡᠯ ᠬᠠᠤᠯᠢ ᠶᠤᠰᠤᠭᠠᠷ ᠪᠠᠶ᠎ᠡ ᠪᠠᠨ ᠲᠠᠭᠠᠭᠠᠵᠤᠬᠢᠨᠠᠨ ᠪᠠᠶᠢᠴᠠᠭᠠᠬᠤ ᠡᠷᠭᠡ ᠪᠠᠨ ᠬᠡᠷᠡᠭᠵᠢᠭᠦᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ᠂ ᠨᠡᠶᠢᠭᠡᠮ ᠤᠨ ᠪᠦᠯᠬᠦᠮᠪᠤᠯᠤᠨ ᠬᠤᠪᠢ ᠬᠦᠮᠦᠨ ᠤ ᠭᠠᠷ ᠲᠦᠷᠦᠬᠦ ᠶᠢ ᠬᠦᠯᠢᠶᠡᠬᠦ ᠦᠭᠡᠢ᠃     ᠬᠢᠨᠠᠨ ᠪᠠᠶᠢᠴᠠᠭᠠᠬᠤ ᠪᠠᠶᠢᠭᠤᠯᠭ᠎ᠠ ᠡᠷᠭᠡ ᠲᠤᠰᠢᠶᠠᠯ ᠢᠶᠠᠨ ᠠᠰᠢᠬᠯᠡᠨ ᠬᠠᠤᠯᠢ ᠠᠴᠠ ᠵᠦᠷᠢᠴᠡᠭᠰᠡᠨ ᠠᠵᠢᠯᠯᠠᠭ᠎ᠠᠪᠠ ᠡᠷᠭᠡ ᠲᠤᠰᠢᠶᠠᠯ ᠢᠶᠠᠨ ᠠᠰᠢᠬᠯᠡᠨ ᠶᠠᠯ᠎ᠡ ᠬᠢᠭᠰᠡᠨ ᠭᠡᠷᠡᠭ ᠢ ᠰᠢᠢᠳᠪᠤᠷᠢᠯᠡᠬᠦ ᠳᠡᠭᠡᠨ᠂ ᠰᠢᠬᠦᠨ ᠲᠠᠰᠤᠯᠬᠤᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠬᠠᠤᠯᠢ ᠭᠡᠷᠡᠭᠵᠢᠭᠦᠯᠬᠦ ᠰᠠᠯᠠᠭ᠎ᠠ ᠮᠦᠴᠢᠷ ᠲᠠᠢ ᠬᠠᠷᠢᠯᠴᠠᠨ ᠬᠠᠮᠵᠢᠯᠴᠠᠵᠤ᠂ᠬᠠᠷᠢᠯᠴᠠᠨ ᠬᠢᠵᠠᠭᠠᠷᠯᠠᠬᠤ ᠬᠡᠷᠡᠭᠳᠠᠢ᠃     ᠤᠤᠯ ᠤᠨ ᠲᠤᠯᠤᠳᠤᠭᠠᠷ ᠭᠡᠰᠡᠭ ᠢ ᠨᠠᠢᠮᠠᠳᠤᠭᠠᠷ ᠭᠡᠰᠡᠭ ᠪᠤᠯᠭᠠᠨ ᠬᠤᠪᠢᠷᠠᠭᠤᠯᠵᠤ᠂ ᠤᠤᠯ ᠤᠨ ᠵᠠᠭᠤᠬᠤᠷᠢᠨ ᠭᠤᠷᠪᠠᠳᠤᠭᠠᠷ ᠵᠦᠢᠯ ᠠᠴᠠ ᠵᠠᠭᠤ ᠭᠤᠴᠢᠨ ᠨᠠᠢᠮᠠᠳᠤᠭᠠᠷ ᠵᠦᠢᠯ ᠬᠦᠷᠬᠦ ᠠᠭᠤᠯᠭ᠎ᠠ ᠶᠢ ᠲᠤᠰᠪᠤᠷᠢ ᠵᠠᠭᠤᠬᠤᠷᠢᠨ ᠨᠠᠢᠮᠠᠳᠤᠭᠠᠷ ᠵᠦᠢᠯ ᠠᠴᠠ ᠵᠠᠭᠤ ᠲᠦᠴᠢᠨ ᠭᠤᠷᠪᠠᠳᠤᠭᠠᠷ ᠵᠦᠢᠯ ᠪᠤᠯᠭᠠᠨ ᠬᠤᠪᠢᠷᠠᠭᠤᠯᠪᠠ᠃

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ