ᠴᠢᠬᠤᠯᠠ ᠮᠡᠳᠡᠭᠡᠯᠡᠯ
ᠥᠪᠥᠷ ᠮᠣᠩᠭᠣᠯ ᠤᠨ ᠮᠡᠳᠡᠯᠭᠡ ᠶᠢᠨ ᠥᠮᠴᠢᠯᠡᠬᠦ ᠡᠷᠬᠡ ᠶᠢᠨ ᠦᠢᠯᠡᠴᠢᠯᠡᠭᠡᠨ ᠦ ᠲᠥᠪ  ᠤᠨ ᠨᠠᠮ ᠤᠨ ᠡᠭᠦᠷ  ᠡᠴᠡ《 ᠡᠬᠡ  ᠭᠣᠣᠯ  ‍ᠢ ᠬᠠᠮᠠᠭᠠᠯᠠᠬᠤ 》ᠨᠠᠮ ᠪᠠᠢᠭᠤᠯᠤᠭᠳᠠᠭᠰᠠᠨ ᠡᠳᠦᠷ ᠤᠨ ᠭᠣᠣᠯ ᠰᠡᠳᠦᠪᠲᠦ ᠮᠣᠳᠣ ᠲᠠᠷᠢᠬᠤ ᠠᠵᠢᠯᠯᠠᠭ᠎ᠠ
2018.04.19 ᠲᠣᠰ ᠥᠷᠲᠡᠭᠡᠨ ᠦ ᠨᠠᠢᠷᠠᠭᠤᠯᠤᠭᠴᠢ

2018 ᠣᠨ ᠤ 4 ᠰᠠᠶ᠎ᠠ ᠶᠢᠨ14 ᠤ ᠡᠳᠦᠷ  ᠨᠢ ᠶᠠᠭ ᠰᠠᠶᠢᠬᠠᠨ 4 ᠰᠠᠷ᠎ᠠ ᠶᠢᠨ ᠳᠡᠯᠡᠬᠡᠶ ᠶᠢᠨ ᠮᠡᠳᠡᠯᠭᠡ ᠶᠢᠨ  ᠥᠮᠴᠢᠯᠡᠬᠦ ᠡᠷᠬᠡ ᠶᠢᠨ ᠡᠳᠦᠷ ᠦᠨ ᠤᠬᠠᠭᠤᠯᠬᠤ ᠰᠠᠷ᠎ᠠ ᠪᠠᠢᠬᠤ ᠲᠤᠯᠠ ᠂ ᠥᠪᠥᠷ ᠮᠣᠩᠭᠣᠯ ᠤᠨ ᠮᠡᠳᠡᠯᠭᠡ ᠶᠢᠨ  ᠥᠮᠴᠢᠯᠡᠬᠦ ᠡᠷᠬᠡ ᠶᠢᠨ ᠦᠢᠯᠡᠴᠢᠯᠡᠭᠡᠨ ᠦ ᠲᠥᠪ  ᠤᠨ ᠨᠠᠮ ᠤᠨ ᠡᠭᠦᠷ ᠨᠢ ᠪᠦᠬᠦ ᠠᠵᠢᠯᠲᠠᠨ ᠠᠵᠢᠯᠴᠢᠨ  ᠢ ᠵᠣᠬᠢᠶᠠᠨ ᠪᠠᠶᠢᠭᠤᠯᠤᠨ ᠮᠠᠰᠢᠨ ᠲᠡᠷᠭᠡ ᠪᠡᠷ ᠳᠥᠴᠢ ᠭᠠᠷᠤᠶ ᠺᠢᠯᠣᠮᠧᠲ᠋ᠷ  ᠵᠠᠢ ᠲᠠᠢ  ᠬᠣᠷᠢᠨᠭᠡᠷ ᠰᠢᠶᠠᠨ ᠤ ᠰᠢᠨ᠎ᠡ ᠴᠢᠯᠥᠭᠡᠯᠡᠭᠳᠡᠭᠰᠡᠨ ᠣᠷᠣᠨ  ᠢᠷᠡᠵᠤ 《 ᠡᠬᠡ  ᠭᠣᠣᠯ ‍ᠢ ᠬᠠᠮᠠᠭᠠᠯᠠᠬᠤ 》  ᠠᠯᠪᠡᠨ ᠵᠢᠷᠤᠮ ᠤᠨ ᠮᠣᠳᠤ  ᠲᠠᠷᠢᠬᠤ ᠠᠵᠢᠯᠯᠠᠭ᠎ᠠ ᠢ  ᠥᠷᠨᠢᠭᠦᠯᠪᠡ ᠃ ᠲᠤᠰ ᠤᠳᠠᠭᠠᠨ ᠤ ᠠᠵᠢᠯᠯᠠᠭ᠎ᠠ  ᠨᠢ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠢᠯᠡᠳᠬᠡᠯ ᠳᠦ ᠵᠢᠭᠠᠵᠤ ᠭᠠᠷᠭᠠᠭᠰᠠᠨ 《 ᠨᠣᠮᠢᠨ ᠤᠰᠤ ᠬᠥᠬᠡᠮᠳᠦᠭ ᠠᠭᠤᠯᠠ ᠪᠣᠯ ᠳᠠᠷᠤᠶ ᠠᠯᠲᠠᠨ ᠠᠭᠤᠯᠠ ᠮᠥᠩᠭᠥᠨ ᠠᠭᠤᠯᠠ ᠮᠥᠨ  ᠭᠡᠬᠦ ᠦᠵᠡᠯᠲᠡ ᠶᠢ ᠪᠤᠢ  ᠪᠣᠯᠭᠠᠬᠤ》 ᠢ ᠭᠦᠨᠵᠡᠭᠡᠶ ᠲᠤᠤᠱᠯᠠᠭᠤᠯᠵᠤ  ᠂ ᠶᠡᠷᠦᠩᠬᠡᠶ ᠱᠦᠵᠢ ᠰᠢ ᠶᠢᠨ ᠫᠢᠩ ᠦᠨ ᠤᠷᠢᠶᠠᠯᠠᠭ᠎ᠠ ᠶᠢ ᠴᠤᠤᠷᠢᠶᠠᠲᠤᠨ ᠲᠠᠭᠠᠵᠤ᠂  ᠥᠪᠡᠷ ᠦᠨ ᠠᠮᠢ   ᠰᠢᠭ ᠠᠮᠢ ᠠᠬᠤᠶ ᠋ ᠢᠢᠨ ᠣᠷᠴᠢᠨ ᠲᠣᠭᠣᠷᠢᠨ ᠳᠤ ᠬᠠᠨᠳᠤᠵᠤ ᠂ ᠡᠭᠦᠨ ᠦ ᠬᠠᠮᠲᠤ ᠪᠠᠰᠠ ᠠᠮᠢ ᠠᠬᠤᠶ ᠶᠢᠨ ᠪᠣᠯᠪᠠᠰᠤᠨ ᠤ ᠲᠤᠬᠠᠶ ᠤᠬᠠᠮᠰᠠᠷ ᠢ ᠳᠡᠭᠡᠭᠰᠢᠯᠡᠭᠦᠯᠵᠦ ᠂ ᠨᠠᠮ ᠤᠨ ᠭᠡᠰᠢᠭᠦᠨ ᠪᠠ ᠤᠯᠠᠨ ᠲᠦᠮᠡᠨ  ᠳᠤ  ᠦᠢᠯᠡᠴᠢᠯᠡᠬᠦ  ᠤᠬᠠᠮᠰᠠᠷ ᠢ ᠴᠢᠩᠭᠠᠳᠬᠠᠵᠤ ᠂ ᠬᠠᠮᠲᠤ ᠶᠢᠨ  ᠬᠦᠴᠦᠨ ᠢ ᠴᠤᠭᠯᠠᠷᠠᠵᠤ ᠂ ᠨᠠᠮ ᠤᠨ ᠭᠡᠰᠢᠭᠦᠨ ᠦ ᠡᠩᠨᠡᠭᠡᠨ ᠦ ᠰᠢᠯᠢᠳᠡᠭ ᠰᠠᠢᠢᠨ ᠨᠠᠮ ᠤᠨ ᠰᠤᠷᠲᠠᠯ ᠂ ᠦᠵᠡᠯ ᠰᠠᠨᠠᠭ᠎ᠠ ᠤᠯᠤᠰ ᠲᠤᠢᠷᠦ ᠶᠢᠨ ᠠᠵᠢᠯ ᠪᠠ ᠤᠶᠦᠠ ᠤ ᠪᠣᠯᠪᠠᠰᠤᠨ ᠤ ᠪᠠᠶᠢᠭᠤᠯᠤᠯᠲᠠ ᠂ ᠠᠮᠢ ᠠᠬᠤᠶ ᠶᠢᠨ ᠣᠷᠴᠢᠨ ᠨᠥᠬᠥᠴᠡᠯ ᠢ ᠬᠠᠮᠠᠭᠠᠯᠠᠬᠤ  ᠲᠠᠶ  ᠤᠶᠠᠯᠳᠤᠭᠤᠯᠤᠨ᠎ᠠ ᠃

ᠲᠤᠰ ᠤᠳᠠᠭᠠᠨ ᠤ ᠠᠯᠪᠡᠨ ᠵᠢᠷᠤᠮ ᠤᠨ ᠮᠣᠳᠤ  ᠲᠠᠷᠢᠬᠤ ᠠᠵᠢᠯᠯᠠᠭ᠎ᠠ  ᠬᠡᠳᠦᠶᠢᠪᠡᠷ  ᠡᠳᠦᠷ ᠲᠤᠢᠯ ᠤᠨ ᠬᠦᠢᠲᠡᠨ  ᠪᠣᠯᠪᠠᠴᠤ ᠦᠢᠯᠡᠴᠢᠯᠡᠭᠡᠨ ᠦ ᠲᠥᠪ  ᠦᠨ ᠬᠠᠷᠢᠭᠤᠴᠠᠯᠭᠠᠲᠠᠨ ᠨᠥᠬᠥᠳ ᠦᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷ᠎ᠠ ᠲᠤᠬᠠᠶ ᠶᠢᠨ ᠭᠠᠵᠠᠷ ᠲᠤᠨᠢ ᠬᠠᠷᠢᠨ ᠬᠥᠭᠵᠢᠶᠡᠨ ᠲᠡᠶ ᠂ ᠨᠥᠬᠥᠳ  ᠬᠣᠶᠢᠨ᠎ᠠ ᠬᠣᠶᠢᠨ᠎ᠠ ᠠᠴᠠ ᠪᠠᠨ ᠲᠡᠮᠦᠷ ᠬᠦᠷᠵᠡ ᠠᠪᠴᠤ ᠂ ᠰᠠᠭᠤᠯᠠᠭ᠎ᠠ ᠳᠡᠭᠦᠵᠢᠯᠡᠵᠦ  ᠂ ᠲᠠᠭᠯᠠᠨ ᠪᠢᠴᠢᠵᠦ ᠂ ᠵᠤᠯᠵᠠᠭ᠎ᠠ ᠮᠣᠳᠣ ᠂ ᠬᠤᠷᠤᠶᠢᠯᠠᠨ ᠬᠦᠷᠵᠡ ᠰᠢᠷᠣᠶ ᠨᠡᠮᠡᠬᠦ ᠂ ᠤᠰᠤᠯᠠᠬᠤ ᠤᠰᠤᠯᠠᠯᠲᠠ ᠂ ᠬᠠᠩᠳᠠᠭᠰᠠᠨ ᠰᠢᠷᠣᠶ ᠶᠢᠨ ᠳᠠᠪᠬᠤᠷᠭ᠎ᠠ ᠂ ᠤᠯᠠᠨ ᠢᠶᠠᠷ ᠢᠶᠠᠨ ᠢᠳᠡᠪᠬᠢᠲᠡᠶ ᠣᠷᠣᠯᠴᠠᠵᠤ ᠂ ᠣᠶᠢᠯᠠᠭᠠᠯᠴᠠᠨ ᠬᠠᠮᠵᠢᠯᠴᠠᠵᠤ ᠂ ᠪᠠᠳᠠᠷᠠᠭᠤᠯᠵᠤ ᠂ ᠬᠦᠴᠢᠷ ᠡᠴᠡ ᠠᠶᠤᠬᠤ ᠤᠢᠭᠡᠢ ᠂ ᠶᠠᠳᠠᠷᠠᠯ ᠵᠦᠳᠡᠷᠡᠯ ᠡᠴᠡ ᠠᠶᠤᠬᠤ ᠦᠬᠡᠢ ᠰᠢᠯᠢᠳᠡᠭ ᠰᠤᠷᠲᠠᠯ  ᠪᠠᠳᠠᠷᠠᠭᠤᠯᠪᠠ ᠃

ᠡᠨᠡ ᠤᠳᠠᠭᠠᠨ ᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭᠠᠨ ᠳᠤ ᠨᠡᠶᠢᠲᠡ  65 ᠮᠣᠳᠣ ᠲᠠᠷᠢᠪᠠ ᠂ ᠡᠨᠡ ᠤᠳᠠᠭ᠎ᠠ  ᠶᠢᠨ ᠠᠵᠢᠯᠯᠠᠭ᠎ᠠ  ᠶᠢ ᠳᠠᠮᠵᠢᠭᠤᠯᠤᠨᠨᠠᠮ ᠤᠨ ᠭᠡᠰᠢᠭᠦᠨ  ᠤ ᠠᠮᠢ ᠠᠬᠤᠶ ᠪᠠ ᠣᠷᠴᠢᠨ ᠠᠬᠤᠶ ᠶᠢ ᠬᠠᠮᠠᠭᠠᠯᠠᠬᠤ ᠤᠬᠠᠮᠰᠠᠷ ᠢ ᠴᠢᠩᠭᠠᠷᠠᠭᠤᠯᠵᠤ ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠲᠡᠢᠢᠴᠢᠠ ᠬᠦᠴᠦᠨ ᠢ ᠳᠡᠯᠭᠡᠨ ᠦᠵᠡᠭᠦᠯᠵᠦ ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠨᠠᠮ ᠤᠨ ᠭᠡᠰᠢᠭᠦᠨ ᠪᠣᠯᠬᠤ ᠪᠠᠷ ᠴᠢᠷᠮᠠᠶᠢᠬᠤ ᠰᠠᠢᠢᠨ ᠰᠠᠶᠢᠬᠠᠨ ᠲᠦᠷᠢ ᠲᠥᠷᠬᠦ ᠶᠢ ᠳᠠᠭᠤᠷᠢᠶᠠᠯ  ᠢ ᠪᠠᠢᠭᠤᠯᠵᠢ ᠃ ᠬᠣᠶᠢᠰᠢᠳᠠ ᠶᠢᠨ ᠠᠵᠢᠯ ᠤᠨ ᠢᠶᠠᠨ ᠳᠤᠮᠳᠠ ᠨᠠᠮ ᠤᠨ ᠭᠡᠰᠢᠭᠦᠨ ᠦ ᠬᠣᠰᠢᠭᠤᠴᠢ ᠵᠢᠱᠢᠶᠡᠴᠢ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ ᠂ ᠤᠳᠠᠭᠠᠨ ᠳᠠᠭᠠᠭᠠᠮᠠᠭᠠᠶ ᠪᠠᠷ ᠥᠷᠨᠢᠭᠦᠯᠵᠦ ᠂ ᠠᠯᠪᠠᠨ ᠵᠢᠷᠤᠮ ᠤᠨ ᠮᠣᠳᠣ ᠲᠠᠷᠢᠬᠤ ᠭᠣᠣᠯ ᠰᠡᠳᠦᠪᠲᠦ ᠨᠠᠮ ᠤᠨ ᠡᠳᠦᠷᠯᠢᠭ ᠠᠵᠢᠯᠯᠠᠭ᠎ᠠ  ᠨᠢ ᠨᠣᠭᠣᠭᠠᠨ ᠠᠭᠤᠯᠠ ᠤᠰᠤ ᠬᠢᠵᠦ ᠂ ᠪᠣᠬᠢᠷᠲᠤᠯ ᠦᠭᠡᠢ ᠬᠤᠳᠠ ᠶᠢ ᠣᠷᠣᠯᠴᠠᠭᠴᠢ  ᠪᠣᠯᠵᠤ ᠣᠭᠲᠠᠷᠭᠤᠶ ᠶᠢ ᠨᠡᠩ ᠴᠡᠯᠮᠡᠭ ᠰᠠᠶᠢᠬᠠᠨ ᠪᠣᠯᠭᠠᠨ᠎ᠠ ᠂ ᠠᠭᠤᠯᠠᠰ ᠢ ᠨᠡᠩ ᠨᠣᠭᠣᠭᠠᠨ ᠂ ᠤᠰᠤ ᠶᠢ ᠨᠡᠩ ᠲᠤᠩᠭᠠᠯᠠᠭ ᠂ ᠠᠮᠢ ᠠᠬᠤᠶ ᠶᠢᠨ ᠣᠷᠴᠢᠨ ᠤᠭᠣᠶᠣ ᠨᠥᠬᠥᠴᠡᠯ ᠢ ᠪᠠᠢᠭᠤᠯᠵᠤ  《 ᠦᠵᠡᠰᠬᠦᠯᠡᠩᠲᠦ ᠰᠠᠶᠢᠬᠠᠨ ᠤᠮᠠᠷᠠᠲᠤ ᠬᠢᠯᠢ  ᠪᠠᠢᠭᠤᠯᠬᠤ ᠳᠤ ᠨᠡᠩ ᠶᠡᠬᠡ ᠰᠢᠨ᠎ᠡ ᠬᠤᠪᠢ ᠨᠡᠮᠡᠷᠢ  ᠦᠵᠡᠭᠦᠯᠦᠨ᠎ᠡ ᠃

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ