ᠴᠢᠬᠤᠯᠠ ᠮᠡᠳᠡᠭᠡᠯᠡᠯ
ᠪᠦᠬᠦ ᠤᠯᠤᠰ ᠤᠨ ᠮᠡᠳᠡᠯᠭᠡ ᠶᠢᠨ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠥᠪᠥᠷ ᠮᠣᠩᠭᠣᠯ ᠤᠨ ᠠᠵᠢᠯᠯᠠᠭ᠎ᠠ ᠡᠬᠢᠯᠡᠪᠡ
2018.04.24 ᠰᠦ ᠶᠦᠩ ᠱᠧᠩ ᠵᠤᠤ ᠶᠤᠸᠠᠨ

 

4 ᠰᠠᠷ᠎ᠠ ᠶᠢᠨ 21  ᠦ ᠡᠳᠦᠷ ᠂ ᠪᠦᠬᠦ ᠤᠯᠤᠰ ᠤᠨ ᠮᠡᠳᠡᠯᠭᠡ ᠶᠢᠨ  ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠥᠪᠥᠷ ᠮᠣᠩᠭᠣᠯ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠥᠬᠡᠬᠣᠲᠠ ᠳᠤ ᠶᠠᠪᠤᠭᠳᠠᠪᠠ ᠃

ᠪᠦᠬᠦ ᠤᠯᠤᠰ ᠤᠨ ᠮᠡᠳᠡᠯᠭᠡ ᠶᠢᠨ  ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠥᠪᠥᠷ ᠮᠣᠩᠭᠣᠯ ᠤᠨ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ᠟  ᠤᠠᠷᠠᠳ ᠤᠨ ᠵᠠᠰᠠᠭ᠟ ᠤᠨ ᠣᠷᠳᠣᠨ  ᠤ ᠮᠡᠳᠡᠯᠭᠡ ᠶᠢᠨ  ᠥᠮᠴᠢᠯᠡᠬᠦ ᠡᠷᠬᠡ ᠶᠢᠨ ᠪᠠᠶᠢᠯᠳᠤᠬᠤ ᠪᠤᠳᠤᠯᠭ᠎ᠠ ᠶᠢ  ᠬᠡᠷᠡᠭᠵᠢᠭᠦᠯᠬᠦ ᠠᠵᠢᠯ ᠤᠨ ᠟ ᠲᠢᠩᠬᠢᠮ  ᠤᠨ  ᠬᠠᠮᠲᠤᠷᠠᠭᠰᠠᠨ ᠬᠤᠷᠠᠯ ᠤᠨᠪᠦᠷᠢᠯᠳᠦᠬᠦᠨ ᠨᠢᠭᠡᠴᠡ ᠨᠦᠭᠦᠳ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠦᠨ ᠨᠡᠶᠢᠭᠡᠮᠯᠢᠭ ᠪᠣᠯᠤᠨ ᠬᠥᠬᠡᠬᠣᠲᠠ ᠶᠢᠨ ᠠᠷᠠᠳ ᠤᠨ ᠵᠠᠰᠠᠭ ᠤᠨ ᠣᠷᠳᠣᠨ ᠤᠬᠠᠮᠲᠤ ᠪᠠᠷ ᠡᠷᠭᠢᠯᠡᠭᠰᠡᠨ ᠂ ᠠᠵᠢᠯᠯᠠᠭ᠎ᠠ  ᠶᠢᠨ ᠭᠣᠣᠯ ᠰᠡᠳᠦᠪ ᠪᠣᠯ 《 ᠰᠢᠨ᠎ᠡ ᠶᠢ ᠡᠭᠦᠳᠬᠦ ᠰᠣᠶᠣᠯ ᠢ ᠰᠠᠨᠠᠭᠠᠴᠢᠯᠠᠵᠤ ᠂  ᠮᠡᠳᠡᠯᠭᠡ ᠶᠢᠨ ᠥᠮᠴᠢᠯᠡᠬᠦ ᠡᠷᠬᠡ ᠶᠢ ᠬᠦᠨᠳᠦᠳᠬᠡᠬᠦ 》 ᠪᠣᠯᠤᠨ᠎ᠠ ᠃ 4 ᠰᠠᠷ᠎ᠠ  ᠶᠢᠨ20 ᠡᠳᠤᠷ ᠡᠴᠡ26 ᠤ ᠡᠳᠦᠷ ᠬᠦᠷᠲᠡᠯ᠎ᠡ ᠥᠪᠡᠷᠲᠡᠭᠡᠨ ᠵᠠᠰᠠᠬᠤ ᠣᠷᠣᠨ  ᠤ ᠠᠷᠠᠳ᠟ ᠤᠨ ᠵᠠᠰᠠᠭ ᠟ ᠤᠨ ᠣᠷᠳᠣᠨ  ᠤ ᠮᠡᠳᠡᠯᠭᠡ ᠶᠢᠨ  ᠥᠮᠴᠢᠯᠡᠬᠦ ᠡᠷᠬᠡ ᠶᠢᠨ ᠪᠠᠶᠢᠯᠳᠤᠬᠤ ᠪᠤᠳᠤᠯᠭ᠎ᠠ ᠶᠢ  ᠬᠡᠷᠡᠭᠵᠢᠭᠦᠯᠬᠦ ᠠᠵᠢᠯ ᠤᠨ  ᠲᠢᠩᠬᠢᠮ  ᠤᠨ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠬᠦᠨ ᠨᠢᠭᠡᠴᠡ ᠂ ᠮᠡᠳᠡᠯᠭᠡ ᠶᠢᠨ  ᠥᠮᠴᠢᠯᠡᠬᠦ ᠡᠷᠬᠡ ᠶᠢᠨ ᠦᠢᠯᠡᠴᠢᠯᠡᠭᠡᠨ ᠦ ᠪᠠᠶᠢᠭᠤᠯᠤᠮᠵᠢ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠂ ᠶᠡᠬᠡ ᠰᠤᠷᠭᠠᠭᠤᠯᠢ ᠳᠡᠭᠡᠳᠦ ᠰᠤᠷᠭᠠᠭᠤᠯᠢ ᠵᠡᠷᠭᠡ 191 ᠵᠦᠢᠯ ᠦᠨ ᠭᠣᠣᠯᠳᠠᠯᠭ᠎ᠠ ᠲᠠᠶ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ  ᠥᠷᠨᠢᠭᠦᠯᠪᠡ ᠃ ᠥᠪᠡᠷᠲᠡᠭᠡᠨ ᠵᠠᠰᠠᠬᠤ ᠣᠷᠣᠨ  ᠤ ᠮᠡᠳᠡᠯᠭᠡ ᠶᠢᠨ  ᠥᠮᠴᠢᠯᠡᠬᠦ ᠡᠷᠬᠡ ᠶᠢᠨ ᠲᠣᠪᠴᠢᠶᠠᠨ ᠤ ᠬᠢᠨ ᠵᠣᠬᠢᠶᠠᠨ ᠪᠠᠶᠢᠭᠤᠯᠤᠨ ᠥᠷᠨᠢᠭᠦᠯᠵᠦ ᠂ ᠮᠡᠳᠡᠯᠭᠡ ᠶᠢᠨ  ᠥᠮᠴᠢᠯᠡᠬᠦ ᠡᠷᠬᠡ  ᠶᠢ ᠰᠤᠷᠭᠠᠭᠤᠯᠢ ᠶᠢᠨ ᠬᠦᠷᠢᠶ᠎ᠡ ᠂ ᠨᠡᠶᠢᠭᠡᠮ ᠲᠣᠭᠣᠷᠢᠭ ᠂ ᠠᠵᠤ ᠠᠬᠤᠶᠢᠯᠠᠯ ᠂ ᠬᠣᠰᠢᠭᠤ ᠰᠢᠶᠠᠨ ᠂ 《 ᠳᠥᠷᠪᠡᠨ ᠤᠷᠤᠭᠰᠢᠯᠠᠬᠤ 》 ᠦᠢᠯᠡᠴᠢᠯᠡᠭᠡᠨ ᠦ ᠠᠵᠢᠯᠯᠠᠭ᠎ᠠ ᠶᠠᠪᠤᠭᠳᠠᠵᠤ ᠂ ᠲᠣᠮᠣ ᠬᠢᠴᠢᠶᠡᠯᠯᠡᠬᠦ ᠲᠢᠩᠬᠢᠮ ᠂ ᠱᠠᠩᠨᠠᠯᠲᠤ ᠤᠷᠤᠯᠳᠤᠭᠠᠨ᠂ ᠲᠤᠬᠠᠶ ᠶᠢᠨ ᠭᠠᠵᠠᠷ ᠤᠨ ᠵᠥᠪᠯᠡᠯᠭᠡ ᠥᠭᠬᠦ  ᠶᠢ ᠳᠠᠮᠵᠢᠭᠤᠯᠤᠨ ᠮᠡᠳᠡᠯᠭᠡ ᠶᠢᠨ ᠪᠣᠯᠪᠠᠰᠤᠷᠠᠭᠤᠯᠤᠯ ᠵᠡᠷᠭᠡ ᠬᠡᠯᠪᠡᠷᠢ ᠪᠡᠷ ᠥᠷᠭᠡᠨ ᠤᠯᠠᠨ ᠲᠦᠮᠡᠨ ᠳᠦ ᠮᠡᠳᠡᠯᠭᠡ ᠶᠢᠨ ᠥᠮᠴᠢᠯᠡᠬᠦ ᠡᠷᠬᠡ ᠶᠢᠨ ᠲᠤᠬᠠᠶ ᠮᠡᠳᠡᠯᠭᠡ ᠶᠢ ᠲᠦᠭᠡᠮᠡᠯᠵᠢᠭᠦᠯᠵᠦ ᠂ ᠠᠬᠢᠭᠤᠯᠵᠤ ᠂ ᠮᠡᠳᠡᠯᠭᠡ ᠶᠢᠨ  ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠢ ᠰᠠᠶᠢᠲᠤᠷ  ᠬᠢᠪᠡ ᠃


     ᠨᠠᠮ ᠤᠨ ᠠᠷᠪᠠᠨ ᠨᠠᠶᠮᠠᠳᠤᠭᠠᠷ ᠶᠡᠬᠡ ᠬᠤᠷᠠᠯ ᠠᠴᠠ ᠨᠠᠰᠢ ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ  ᠶᠢᠨ ᠡᠷᠬᠡ  ᠶᠢᠨ ᠪᠠᠶᠢᠯᠳᠤᠬᠤ ᠪᠣᠳᠣᠯᠭ᠎ᠠ  ᠶᠢ ᠬᠡᠷᠡᠭᠵᠢᠭᠦᠯᠬᠦ ᠠᠵᠢᠯ ᠢ ᠬᠦᠴᠦᠯᠡᠨ ᠠᠬᠢᠭᠤᠯᠵᠤ ᠂ ᠮᠡᠳᠡᠯᠭᠡ ᠶᠢᠨ  ᠥᠮᠴᠢᠯᠡᠬᠦ ᠡᠷᠬᠡ ᠶᠢᠨ ᠡᠭᠦᠳᠦᠯᠲᠡ ᠂ ᠬᠡᠷᠡᠭᠯᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠵᠤ ᠂ ᠮᠡᠳᠡᠯᠭᠡ ᠶᠢᠨ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠳᠠᠪᠠᠭᠤᠯᠢᠭ ᠲᠠᠯ᠎ᠠ ᠶᠢ ᠲᠠᠰᠤᠷᠠᠯᠲᠠ ᠦᠭᠡᠢ ᠲᠤᠪᠤᠢᠢᠮ᠎ᠠ ᠢᠯᠡᠷᠡᠵᠦ ᠂ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠦᠢᠯᠡᠳᠦᠯ ᠨᠢ ᠡᠳᠦᠷ ᠢᠷᠡᠬᠦᠶ᠎ᠡ ᠳᠡᠭᠡᠭᠰᠢᠯᠡᠵᠦ ᠂ ᠡᠷᠬᠡ ᠪᠡᠨ ᠬᠠᠮᠠᠭᠠᠯᠠᠬᠤ ᠬᠠᠤᠯᠢ ᠬᠡᠷᠡᠭᠵᠢᠭᠦᠯᠬᠦ ᠡᠷᠴᠢᠮ ᠤᠯᠠᠮ ᠨᠢᠭᠡ ᠠᠯᠬᠤᠮ ᠴᠢᠩᠭᠠᠷᠠᠪᠠ ᠂ ᠴᠣᠬᠢᠯᠲᠠ ᠥᠭᠬᠦ ᠡᠷᠬᠡ ᠳᠦ ᠬᠠᠯᠳᠠᠵᠤ ᠬᠠᠭᠤᠷᠮᠠᠭᠯᠠᠬᠤ ᠦᠢᠯᠡ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠦᠨ ᠬᠥᠭᠵᠢᠯᠲᠡ ᠶᠢᠨ ᠰᠠᠢᠢᠨ ᠰᠠᠶᠢᠬᠠᠨ ᠣᠷᠴᠢᠨ ᠨᠥᠬᠥᠴᠡᠯ ᠢ ᠪᠤᠢ ᠪᠣᠯᠭᠠᠵᠤ ᠪᠠᠶᠢᠨ᠎ᠠ ᠃  ᠳᠠᠷᠠᠭ᠎ᠠ ᠠᠯᠬᠤᠮ ᠳᠤ ᠂ ᠥᠪᠡᠷᠲᠡᠭᠡᠨ ᠵᠠᠰᠠᠬᠤ ᠣᠷᠣᠨ ᠠᠴᠠ ᠬᠦᠴᠦᠯᠡᠨ ᠴᠢᠩᠭᠠᠳᠬᠠᠵᠤ ᠂ ᠮᠡᠳᠡᠯᠭᠡ ᠶᠢᠨ ᠥᠮᠴᠢᠯᠡᠬᠦ ᠡᠷᠬᠡ ᠶᠢᠨ ᠡᠭᠦᠳᠦᠯᠲᠡ ᠪᠠ ᠬᠡᠷᠡᠭᠯᠡᠬᠦ ᠂ ᠬᠠᠩᠭᠠᠯᠭ᠎ᠠ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ ᠂ ᠪᠣᠳᠠᠲᠤ ᠴᠣᠭᠴᠠ ᠶᠢᠨ ᠠᠵᠤ ᠠᠬᠤᠶ ᠲᠧᠭᠨᠢᠭ ᠮᠡᠷᠭᠡᠵᠢᠯ ᠂ ᠮᠡᠳᠡᠯᠭᠡ ᠶᠢᠨ  ᠥᠮᠴᠢᠯᠡᠬᠦ ᠡᠷᠬᠡ ᠶᠢᠨ ᠡᠷᠬᠡ ᠳᠦ ᠬᠠᠯᠳᠠᠭᠰᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠵᠠᠯᠬᠠᠭᠠᠨ ᠰᠢᠳᠬᠡᠬᠦ ᠡᠷᠴᠢᠮ ᠢᠶᠡᠨ ᠤᠯᠠᠮ ᠨᠢᠭᠡ ᠠᠯᠬᠤᠮ ᠴᠢᠩᠭᠠᠷᠠᠭᠤᠯᠵᠤ ᠂ ᠤᠯᠤᠰ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠰᠢᠨ᠎ᠡ ᠶᠢ ᠡᠭᠦᠳᠬᠦ ᠪᠡᠷ ᠬᠥᠳᠡᠯᠭᠡᠭᠦᠷ ᠪᠣᠯᠭᠠᠬᠤ ᠂ ᠳᠣᠲᠣᠭᠠᠳᠤ ᠶᠢᠨ ᠬᠦᠴᠦᠨ ᠳᠡᠭᠡᠨ ᠲᠦᠰᠢᠭᠯᠡᠨ ᠨᠡᠮᠡᠭᠳᠡᠯ ᠢ ᠪᠡᠶᠡᠯᠡᠭᠦᠯᠬᠦ ᠵᠠᠮ ᠳᠤ ᠬᠦᠴᠦᠲᠡᠶ ᠲᠦᠰᠢᠭ ᠲᠤᠯᠭᠠᠭᠤᠷᠢ  ᠬᠠᠩᠭᠠᠨ᠎ᠠ ᠃

ᠡᠬᠢᠯᠡᠯᠲᠡ ᠶᠢᠨ ᠶᠣᠰᠣᠯᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠬᠦ ᠡᠷᠬᠡ ᠶᠢᠨ ᠲᠣᠪᠴᠢᠶᠠᠨ ᠤ ᠮᠡᠳᠡᠯᠭᠡ ᠶᠢᠨ  ᠥᠮᠴᠢᠯᠡᠬᠦ ᠡᠷᠬᠡ ᠶᠢᠨ ᠲᠤᠬᠠᠶ ᠰᠠᠢᠢᠨ ᠳᠤᠷ᠎ᠠ ᠶᠢᠨ ᠠᠵᠢᠯᠯᠠᠭᠴᠢ  ᠳᠤ ᠲᠤᠭ ᠣᠯᠭᠣᠵᠤ ᠂ ᠮᠡᠳᠡᠯᠭᠡ ᠶᠢᠨ  ᠥᠮᠴᠢᠯᠡᠬᠦ ᠡᠷᠬᠡ ᠳᠦ ᠰᠠᠢᠢᠨ ᠳᠤᠷ᠎ᠠ ᠶᠢᠨ ᠠᠵᠢᠯᠯᠠᠭᠰᠠᠳ ᠤᠨ ᠬᠠᠮᠲᠤ ᠶᠢᠨ ᠬᠢᠵᠦ ᠲᠠᠩᠭᠠᠷᠢᠭ ᠬᠢᠪᠡ ᠃ ᠬᠡᠪᠯᠡᠯ ᠦᠨ ᠡᠷᠬᠡ ᠶᠢᠨ ᠲᠣᠪᠴᠢᠶ᠎ᠠ ᠂ ᠥᠪᠥᠷ ᠮᠣᠩᠭᠣᠯ ᠟ ᠤᠨ ᠥᠪᠡᠷᠲᠡᠭᠡᠨ ᠵᠠᠰᠠᠬᠤ ᠣᠷᠣᠨ  ᠤ ᠮᠡᠳᠡᠯᠭᠡ ᠶᠢᠨ  ᠥᠮᠴᠢᠯᠡᠬᠦ ᠡᠷᠬᠡ ᠶᠢᠨ ᠦᠢᠯᠡᠴᠢᠯᠡᠭᠡᠨ ᠦ ᠲᠥᠪ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠡᠪᠯᠡᠯ ᠦᠨ ᠡᠷᠬᠡ  ᠶᠢᠨ ᠦᠢᠯᠡᠴᠢᠯᠡᠬᠦ ᠠᠵᠢᠯ ᠤᠨ ᠦᠷᠲᠡᠭᠡ 》 ᠫᠠᠶᠢᠰᠠ ᠢᠯᠡᠷᠬᠡᠶᠢᠯᠡᠯ ᠣᠯᠭᠤᠪᠠ᠂ ᠡᠨᠡ ᠪᠣᠯ ᠮᠠᠨ ᠤ ᠣᠷᠣᠨ ᠳᠤ ᠪᠠᠶᠢᠭᠤᠯᠤᠭᠰᠠᠨ ᠠᠩᠬᠠᠳᠠᠭᠴᠢ ᠰᠦᠢᠳᠬᠡᠯ ᠬᠤᠷᠢᠶᠠᠬᠤ ᠦᠭᠡᠢ  ᠬᠡᠪᠯᠡᠯ ᠦᠨ ᠡᠷᠬᠡ ᠶᠢᠨ ᠦᠢᠯᠡᠴᠢᠯᠡᠬᠦ ᠠᠵᠢᠯ ᠤᠨ ᠦᠷᠲᠡᠭᠡ ᠪᠣᠯᠤᠨ᠎ᠠ ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠦᠨ ᠲᠢᠩᠬᠢᠮ ( ᠮᠡᠳᠡᠯᠭᠡ ᠶᠢᠨ  ᠥᠮᠴᠢᠯᠡᠬᠦ ᠡᠷᠬᠡ ᠶᠢᠨ ᠲᠣᠪᠴᠢᠶ᠎ᠠ ) ᠂ ᠥᠪᠡᠷᠲᠡᠭᠡᠨ ᠵᠠᠰᠠᠬᠤ ᠣᠷᠣᠨ ᠟ ᠤ ᠰᠤᠷᠭᠠᠨ ᠬᠥᠮᠦᠵᠢᠯ ᠟ᠣᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠦᠨ ᠨᠡᠶᠢᠭᠡᠮᠯᠢᠭ  ᠨᠢ ᠪᠠᠰᠠ ᠪᠦᠬᠦ ᠤᠯᠤᠰ ᠤᠨ ᠳᠤᠮᠳᠠᠳᠤ ᠪᠠᠭ᠎ᠠᠰᠤᠷᠭᠠᠭᠤᠯᠢ ᠶᠢᠨ ᠮᠡᠳᠡᠯᠭᠡ ᠶᠢᠨ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠦᠨ ᠲᠤᠷᠰᠢᠯᠲᠠ ᠶᠢᠨ ᠰᠤᠷᠭᠠᠭᠤᠯᠢ ᠪᠣᠯᠭᠠᠭᠰᠠᠨ ᠂ ᠥᠪᠡᠷᠲᠡᠭᠡᠨ ᠵᠠᠰᠠᠭ ᠣᠷᠣᠨ ᠟ ᠤ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ  ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠦᠨ ᠲᠤᠷᠰᠢᠯᠲᠠ ᠶᠢᠨ ᠰᠤᠷᠭᠠᠭᠤᠯᠢ ᠲᠥᠯᠥᠭᠡᠯᠡᠭᠴᠢ ᠫᠠᠶᠢᠰᠠ ᠣᠯᠭᠣᠬᠤ ᠃ ᠡᠯ᠎ᠡ ᠬᠣᠯᠪᠣᠭᠳᠠᠯ ᠪᠦᠬᠦᠢ ᠨᠢᠭᠡᠴᠢ ᠂ ᠠᠵᠤ ᠠᠬᠤᠶᠢᠯᠠᠯ  ᠨᠢ ᠲᠤᠬᠠᠶ ᠶᠢᠨ ᠲᠠᠯᠠᠪᠠᠢ ᠳᠤ ᠬᠠᠮᠠᠭᠠᠯᠠᠯᠲᠠ ᠪᠠ ᠵᠥᠪᠯᠡᠯᠭᠡ ᠥᠭᠬᠦ ᠠᠵᠢᠯᠯᠠᠭ᠎ᠠ ᠬᠢᠭᠰᠡᠨ ᠪᠠᠶᠢᠨ᠎ᠠ ᠃

    ᠣᠶᠢᠯᠠᠭᠠᠭᠰᠠᠨ ᠢᠶᠠᠷ  ᠰᠢᠨ᠎ᠡ ᠶᠢ ᠡᠭᠦᠳᠬᠦ ᠰᠣᠶᠣᠯ ᠢ ᠢᠳᠡᠪᠬᠢᠲᠡᠶ ᠪᠡᠷ ᠲᠦᠯᠬᠢᠨ ᠠᠬᠢᠭᠤᠯᠵᠤ ᠂ 《 ᠰᠢᠨ᠎ᠡ ᠶᠢ ᠡᠭᠦᠳᠬᠦ ᠰᠣᠶᠣᠯ ᠢ ᠰᠠᠨᠠᠭᠠᠴᠢᠯᠠᠵᠤ ᠂  ᠮᠡᠳᠡᠯᠭᠡ ᠶᠢᠨ ᠥᠮᠴᠢᠯᠡᠬᠦ ᠡᠷᠬᠡ ᠶᠢ ᠬᠦᠨᠳᠦᠳᠬᠡᠬᠦ 》  ᠪᠠᠷ ᠭᠣᠣᠯ ᠪᠣᠯᠭᠠᠭᠰᠠᠨ ᠮᠡᠳᠡᠯᠭᠡ ᠶᠢᠨ  ᠥᠮᠴᠢᠯᠡᠬᠦ ᠡᠷᠬᠡ ᠶᠢᠨ ᠰᠣᠶᠣᠯ ᠤᠨ ᠪᠠᠶᠢᠭᠤᠯᠤᠯᠲᠠ ᠂ ᠶᠠᠷᠢᠶ᠎ᠠ ᠬᠡᠯᠠᠯᠴᠠᠭᠠ ᠤ ᠰᠠᠢᠢᠠ ᠣᠷᠴᠢᠨ ᠠᠬᠤᠶ ᠶᠢ ᠲᠦᠷᠭᠡᠪᠴᠢᠯᠡᠨ ᠪᠠᠶᠢᠭᠤᠯᠵᠤ ᠂ ᠮᠡᠳᠡᠯᠭᠡ ᠶᠢᠨ  ᠥᠮᠴᠢᠯᠡᠬᠦ ᠡᠷᠬᠡ ᠶᠢᠨ ᠬᠦᠴᠦᠷᠬᠡᠭ ᠣᠷᠣᠨ ᠪᠣᠯᠭᠠᠵᠤ ᠂  ᠪᠦᠬᠦ ᠤᠯᠤᠰ ᠤᠨ ᠮᠡᠳᠡᠯᠭᠡ ᠶᠢᠨ ᠥᠮᠴᠢᠯᠡᠬᠦ ᠡᠷᠬᠡ ᠶᠢᠨ ᠤᠬᠠᠭᠤᠯᠭ᠎ᠠ   ᠶᠢᠨ ᠭᠠᠷᠠᠭ ᠤᠨ  ᠥᠪᠥᠷ ᠮᠣᠩᠭᠣᠯ ᠤᠨ ᠠᠵᠢᠯᠯᠠᠭ᠎ᠠ ᠮᠥᠨ ᠴᠦ ᠪᠦᠬᠦ ᠣᠷᠣᠨ ᠤ ᠡᠯ᠎ᠡ ᠠᠶᠢᠮᠠᠭ ᠬᠣᠲᠠ ᠵᠡᠷᠭᠡ ᠟ᠳᠤᠨᠢ  ᠥᠷᠨᠢᠭᠦᠯᠪᠡ ᠃ ( ᠥᠪᠥᠷ ᠮᠣᠩᠭᠣᠯ ᠤᠨ ᠡᠳᠦᠷ ᠦᠨ ᠰᠣᠨᠢᠨ ᠤ ᠬᠣᠷᠢᠶ᠎ᠠ ᠶᠢᠨ ᠨᠡᠶᠢᠯᠡᠯ ᠵᠠᠭᠤᠴᠢᠯᠠᠭᠤᠷ ᠤᠨ ᠰᠤᠷᠪᠤᠯᠵᠢᠯᠠᠭᠴᠢ ᠰᠦ ᠶᠦᠩ ᠱᠧᠩ ᠵᠤᠤ ᠶᠤᠸᠠᠨ )

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ