ᠴᠢᠬᠤᠯᠠ ᠮᠡᠳᠡᠭᠡᠯᠡᠯ
ᠥᠪᠥᠷ ᠮᠣᠩᠭᠣᠯ ᠤᠨ ᠠᠩᠬᠠᠳᠠᠭᠴᠢ ᠮᠡᠳᠡᠯᠭᠡ ᠶᠢᠨ ᠥᠮᠴᠢᠯᠡᠬᠦ ᠡᠷᠬᠡ ᠶᠢᠨ ᠬᠦᠷᠢᠶᠡᠨ ᠳᠡᠬᠢ ᠰᠢᠨ᠎ᠡ ᠶᠢ ᠡᠭᠦᠳᠬᠦ ᠬᠠᠮᠵᠢᠯᠴᠠᠭᠠᠨ ᠤ ᠲᠥᠪ  ᠨᠢ ᠥᠪᠥᠷ ᠮᠣᠩᠭᠣᠯ ᠤᠨ ᠡᠳ᠋ ᠦᠨ ᠵᠠᠰᠠᠭ ᠠᠵᠤ ᠠᠬᠤᠶ ᠶᠢᠨ ᠶᠡᠬ
2018.05.14 ᠲᠣᠰ ᠥᠷᠲᠡᠭᠡᠨ ᠦ ᠨᠠᠢᠷᠠᠭᠤᠯᠤᠭᠴᠢ

4 ᠰᠠᠷ᠎ᠠ ᠶᠢᠨ 26  ᠤ ᠡᠳᠦᠷ ᠥᠪᠥᠷ ᠮᠣᠩᠭᠣᠯ ᠤᠨ ᠠᠩᠬᠠᠳᠠᠭᠴᠢ ᠮᠡᠳᠡᠯᠭᠡ ᠶᠢᠨ  ᠥᠮᠴᠢᠯᠡᠬᠦ ᠡᠷᠬᠡ ᠶᠢᠨ ᠬᠦᠷᠢᠶᠡᠨ ᠳᠡᠬᠢ ᠰᠢᠨ᠎ᠡ ᠶᠢ ᠡᠭᠦᠳᠬᠦ ᠬᠠᠮᠵᠢᠯᠴᠠᠭᠠᠨ ᠤ ᠲᠥᠪ — ᠥᠪᠥᠷ ᠮᠣᠩᠭᠣᠯ ᠤᠨ ᠡᠳ᠋ ᠦᠨ ᠵᠠᠰᠠᠭ ᠠᠵᠤ ᠠᠬᠤᠶ ᠶᠢᠨ ᠶᠡᠬᠡ ᠰᠤᠷᠭᠠᠭᠤᠯᠢ ᠶᠢᠨ ᠮᠡᠳᠡᠯᠭᠡ ᠶᠢᠨ  ᠥᠮᠴᠢᠯᠡᠬᠦ ᠡᠷᠬᠡ ᠪᠣᠯᠤᠨ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠶᠢ ᠡᠭᠦᠳᠬᠦ ᠬᠠᠮᠵᠢᠯᠴᠠᠭᠠᠨ ᠤ ᠲᠥᠪ ᠥᠪᠥᠷ ᠮᠣᠩᠭᠣᠯ ᠤᠨ ᠡᠳ᠋ ᠦᠨ ᠵᠠᠰᠠᠭ ᠠᠵᠤ ᠠᠬᠤᠶ ᠶᠢᠨ ᠶᠡᠬᠡ ᠰᠤᠷᠭᠠᠭᠤᠯᠢ  ᠳ᠋ᠤ ᠫᠠᠶᠢᠰᠠ ᠡᠯᠭᠦᠬᠦ ᠪᠠᠢᠭᠤᠯᠤᠭᠳᠠᠪᠠ᠃

ᠥᠪᠥᠷ ᠮᠣᠩᠭᠣᠯ ᠤᠨ ᠡᠳ᠋ ᠦᠨ ᠵᠠᠰᠠᠭ ᠠᠵᠤ ᠠᠬᠤᠶ ᠶᠢᠨ ᠶᠡᠬᠡ ᠰᠤᠷᠭᠠᠭᠤᠯᠢ ᠶᠢᠨ ᠨᠠᠮ ᠤᠨ ᠬᠣᠷᠢᠶᠠᠨ ᠤ ᠱᠦᠵᠢ ᠭᠤᠤ ᠰᠢᠶᠠᠩ ᠬᠤᠤ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠦᠨ ᠲᠢᠩᠬᠢᠮ ( ᠮᠡᠳᠡᠯᠭᠡ ᠶᠢᠨ  ᠥᠮᠴᠢᠯᠡᠬᠦ ᠡᠷᠬᠡ ᠶᠢᠨ ᠲᠣᠪᠴᠢᠶ᠎ᠠ )  ᠤᠨ ᠳᠡᠳ᠋  ᠪᠠᠶᠢᠴᠠᠭᠠᠭᠴᠢ  ᠪᠠᠭᠠᠨ᠎ᠠ ᠬᠠᠮᠵᠢᠯᠴᠠᠨ ᠰᠢᠨ᠎ᠡ ᠶᠢ ᠡᠭᠦᠳᠬᠦ ᠲᠥᠪ ᠦᠨ ᠫᠠᠶᠢᠰᠠ ᠢᠷᠠᠬᠤ ᠶᠣᠰᠣᠯᠠᠯ ᠳᠤ ᠣᠷᠣᠯᠴᠠᠵᠠᠶ ᠃

ᠥᠪᠥᠷ ᠮᠣᠩᠭᠣᠯ ᠤᠨ ᠡᠳ᠋ ᠦᠨ ᠵᠠᠰᠠᠭ ᠠᠵᠤ ᠠᠬᠤᠶ ᠶᠢᠨ ᠶᠡᠬᠡ ᠰᠤᠷᠭᠠᠭᠤᠯᠢ ᠶᠢᠨ ᠮᠡᠳᠡᠯᠭᠡ ᠶᠢᠨ  ᠥᠮᠴᠢᠯᠡᠬᠦ ᠡᠷᠬᠡ ᠪᠣᠯᠤᠨ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠶᠢ ᠡᠭᠦᠳᠬᠦ ᠬᠠᠮᠵᠢᠯᠴᠠᠭᠠᠨ ᠤ ᠲᠥᠪ ( ᠳᠣᠷᠣᠭᠰᠢ 《 ᠲᠥᠪ 》 ᠭᠡᠵᠦ ᠳᠥᠭᠥᠮᠴᠢᠯᠡᠨ᠎ᠡ ) ᠪᠣᠯ ᠰᠤᠷᠭᠠᠨ ᠬᠥᠮᠦᠵᠢᠯ ᠦᠨ ᠶᠠᠮᠤᠨ ᠂ ᠡᠳ᠋ ᠦᠨ ᠵᠠᠰᠠᠭ ᠤᠨ ᠶᠠᠮᠤᠨ 《 ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠬᠦ ᠲᠤᠬᠠᠶ ᠰᠠᠨᠠᠯ 》 ᠪᠣᠯᠤᠨ ᠥᠪᠡᠷᠲᠡᠭᠡᠨ ᠵᠠᠰᠠᠬᠤ ᠣᠷᠣᠨ ᠟ ᠤ᠋  ᠬᠣᠯᠪᠤᠭᠳᠠᠯ ᠪᠦᠬᠦᠢ  ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠵᠤ ᠂ ᠥᠪᠡᠷᠲᠡᠭᠡᠨ ᠵᠠᠰᠠᠬᠤ ᠣᠷᠣᠨ ᠟ ᠤ᠋ ᠠᠵᠤ ᠠᠬᠤᠶ ᠨᠡᠶᠢᠭᠡᠮ ᠟ ᠤ᠋ᠨ ᠬᠥᠭᠵᠢᠯᠲᠡ  ᠢ᠋ᠢᠨ  ᠴᠢᠬᠤᠯᠠ ᠶᠡᠬᠡ ᠰᠢᠨ᠎ᠡ ᠡᠭᠦᠳᠦᠯᠲᠡ ᠪᠣᠯᠤᠨ᠎ᠠ ᠂ ᠥᠪᠥᠷ ᠮᠣᠩᠭᠣᠯ ᠤᠨ ᠡᠳ᠋ ᠦᠨ ᠵᠠᠰᠠᠭ ᠠᠵᠤ ᠠᠬᠤᠶ ᠶᠢᠨ ᠶᠡᠬᠡ ᠰᠤᠷᠭᠠᠭᠤᠯᠢ ᠳᠠᠪᠠᠭᠤᠯᠢᠭ ᠮᠡᠳᠡᠯᠭᠡ ᠶᠢᠨ ᠥᠮᠴᠢᠯᠡᠬᠦ ᠡᠷᠬᠡ ᠶᠢᠨ ᠲᠤᠬᠠᠶ ᠰᠢᠨᠵᠢᠯᠡᠭᠡᠨ ᠦ ᠰᠠᠯᠠᠭ᠎ᠠ ᠪᠠᠷ ᠰᠠᠭᠤᠷᠢ ᠪᠣᠯᠭᠠᠭᠰᠠᠨ ᠂ ᠬᠠᠮᠵᠢᠯᠴᠠᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠡᠷᠬᠡ ᠲᠡᠶ ᠬᠣᠯᠪᠣᠭᠳᠠᠬᠤ ᠵᠠᠰᠠᠭ ᠵᠠᠬᠢᠷᠭ᠎ᠠ ᠂ ᠬᠠᠤᠯᠢ ᠴᠠᠭᠠᠵᠠ ᠶᠢᠨ ᠰᠠᠯᠠᠭ᠎ᠠ ᠮᠥᠴᠢᠷ , ᠵᠢᠴᠢ ᠥᠪᠡᠷᠲᠡᠭᠡᠨ ᠵᠠᠰᠠᠬᠤ ᠣᠷᠣᠨ ᠟ ᠤ᠋ ᠮᠡᠳᠡᠯᠭᠡ ᠶᠢᠨ  ᠥᠮᠴᠢᠯᠡᠬᠦ ᠡᠷᠬᠡ ᠶᠢᠨ ᠬᠦᠷᠢᠶᠡᠨ ᠳᠡᠬᠢ ᠵᠣᠬᠢᠬᠤ ᠬᠡᠮᠵᠢᠶᠡᠨ ᠦ ᠵᠢᠭᠠᠨ ᠰᠤᠷᠭᠠᠬᠤ ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠳᠠᠲᠤ ᠬᠦᠴᠦᠨ ᠪᠠ ᠬᠥᠭᠵᠢᠯᠲᠡ ᠶᠢᠨ ᠣᠨᠴᠠᠯᠢᠭ ᠪᠦᠬᠦᠢ  ᠳᠡᠭᠡᠳᠦ ᠰᠤᠷᠭᠠᠭᠤᠯᠢ ᠂ ᠭᠣᠣᠯᠳᠠᠯᠭᠠᠲᠤ ᠠᠵᠤ ᠠᠬᠤᠶᠢᠯᠠᠯ ᠂ᠦᠢᠯᠡᠴᠢᠯᠡᠭᠡ ᠶᠢᠨ ᠪᠠᠶᠢᠭᠤᠯᠤᠮᠵᠢ ᠂ ᠡᠷᠳᠡᠮ ᠰᠢᠨᠵᠢᠯᠡᠭᠡᠨ ᠦ ᠬᠦᠷᠢᠶᠡᠯᠡᠩ ᠭᠠᠵᠠᠷ ᠂ ᠬᠠᠮᠲᠤ  ᠪᠡᠷ  ᠰᠢᠨᠵᠢᠯᠡᠬᠦ ᠤᠬᠠᠭᠠᠨ ᠟ ᠤ᠋ ᠰᠤᠳᠤᠯᠤᠯ ᠟ ᠤ᠋ᠨ ᠰᠢᠨ᠎ᠡ ᠶᠢ ᠡᠭᠦᠳᠬᠦ ᠲᠠᠪᠴᠠᠩ ᠟ ᠢ᠋  ᠪᠠᠢᠭᠤᠯᠤᠨ᠎ᠠ ᠃

ᠲᠥᠪ ᠨᠢ ᠥᠪᠥᠷ ᠮᠣᠩᠭᠣᠯ ᠤᠨ ᠡᠳ᠋ ᠦᠨ ᠵᠠᠰᠠᠭ ᠠᠵᠤ ᠠᠬᠤᠶ ᠶᠢᠨ ᠶᠡᠬᠡ ᠰᠤᠷᠭᠠᠭᠤᠯᠢ ᠪᠠ ᠥᠪᠥᠷ ᠮᠣᠩᠭᠣᠯ ᠤᠨ ᠮᠡᠳᠡᠯᠭᠡ ᠶᠢᠨ  ᠥᠮᠴᠢᠯᠡᠬᠦ ᠡᠷᠬᠡ ᠟ ᠢ᠋ᠢᠨ ᠨᠡᠭᠡᠭᠡᠯᠳᠡ   ᠢ᠋ᠢᠨᠲᠣᠪᠴᠢᠶ᠎ᠠ ᠲᠦᠷᠦᠭᠦᠯᠡᠵᠦ ᠂  ᠥᠪᠡᠷᠲᠡᠭᠡᠨ ᠵᠠᠰᠠᠬᠤ ᠣᠷᠣᠨ ᠟ ᠤ᠋ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠂ ᠬᠡᠪᠯᠡᠭᠦᠯᠬᠦ ᠡᠷᠬᠡ ᠶᠢᠨ ᠲᠣᠪᠴᠢᠶ᠎ᠠ ᠂ᠳᠡᠭᠡᠳᠦ ᠰᠢᠭᠦᠬᠦ ᠬᠣᠷᠢᠶ᠎ᠠ ᠂ ᠪᠠᠶᠢᠴᠠᠭᠠᠬᠤ ᠬᠣᠷᠢᠶ᠎ᠠ ᠂ ᠥᠪᠥᠷ ᠮᠣᠩᠭᠣᠯ ᠤᠨ ᠶᠡᠬᠡ ᠰᠤᠷᠭᠠᠭᠤᠯᠢ ᠶᠢᠨ ᠬᠠᠤᠯᠢ ᠴᠠᠭᠠᠵᠠ ᠶᠢᠨ ᠳᠡᠭᠡᠳᠦ ᠰᠤᠷᠭᠠᠭᠤᠯᠢ ᠵᠡᠷᠭᠡ 36  ᠵᠠᠰᠠᠭ ᠵᠠᠬᠢᠷᠭᠠᠨ ᠤ ᠨᠢᠭᠡᠴᠢ ᠂ ᠳᠡᠭᠡᠳᠦ ᠵᠡᠷᠭᠡ ᠶᠢᠨ ᠰᠤᠷᠭᠠᠭᠤᠯᠢ ᠂ ᠠᠵᠤ ᠠᠬᠤᠶᠢᠯᠠᠯ ᠪᠣᠯᠤᠨ ᠦᠢᠯᠡᠴᠢᠯᠡᠭᠡᠨ ᠟ ᠤ᠋ ᠪᠠᠶᠢᠭᠤᠯᠤᠮᠵᠢ ᠠᠩᠬᠠᠨ ᠤ ᠪᠦᠯᠦᠭ ᠬᠠᠮᠵᠢᠯᠴᠠᠭᠠᠨ ᠤ ᠨᠢᠭᠡᠴᠢ ᠪᠣᠯᠭᠠᠵᠤ  ᠣᠷᠤᠯᠴᠠᠪᠠ ᠃ ᠥᠨᠥ  ᠲᠥᠪ  ᠲᠤ ᠨᠢᠭᠡᠨᠲᠡ  ᠲᠤᠰᠬᠠᠶ ᠮᠡᠷᠭᠡᠵᠢᠯᠲᠡᠨ ᠡᠷᠳᠡᠮᠲᠡᠳ ᠪᠣᠯᠤᠨ ᠠᠵᠢᠯᠲᠠᠨ 22 ᠬᠥᠮᠦᠨ ᠂ ᠪᠥᠭᠡᠳ ᠲᠠᠸᠠᠷ ᠤᠨ ᠲᠡᠮᠳᠡᠭ ᠂ ᠲᠤᠰᠬᠠᠶ ᠠᠰᠢᠭ ᠂ ᠬᠡᠪᠯᠡᠯ ᠦᠨ ᠡᠷᠬᠡ ᠵᠡᠷᠭᠡ ᠲᠥᠷᠥᠯ ᠬᠤᠪᠢᠶᠠᠨ  ᠨᠥᠭᠡᠴᠡ ᠶᠢ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢᠲᠠᠨ 60 ᠭᠠᠷᠤᠶ ᠂  ᠥᠪᠥᠷ ᠮᠣᠩᠭᠣᠯ ᠤᠨ ᠡᠳ᠋ ᠦᠨ ᠵᠠᠰᠠᠭ ᠠᠵᠤ ᠠᠬᠤᠶ ᠶᠢᠨ ᠶᠡᠬᠡ ᠰᠤᠷᠭᠠᠭᠤᠯᠢ ᠶᠢᠨ ᠵᠠᠬᠢᠷᠤᠯ ᠤᠨ ᠲᠤᠰᠠᠯᠠᠭᠴᠢ ᠪᠥᠭᠡᠳ ᠬᠠᠤᠯᠢ ᠴᠠᠭᠠᠵᠠ ᠶᠢᠨ ᠳᠡᠭᠡᠳᠦ ᠰᠤᠷᠭᠠᠭᠤᠯᠢ ᠶᠢᠨ ᠳᠠᠷᠤᠭ᠎ᠠ ᠵᠠᠩ ᠵᠠᠰᠠᠯ ᠯᠢᠨ ᠫᠷᠤᠹᠸᠰᠰᠤᠷ ᠤᠨ ᠲᠠᠨᠢᠯᠴᠠᠭᠤᠯᠤᠭᠰᠠᠨ ᠢᠶᠠᠷ ᠂  ᠳᠠᠷᠠᠭ᠎ᠠ ᠠᠯᠬᠤᠮ ᠳᠤ ᠂  ᠭᠦᠢᠴᠡᠳ ᠪᠠᠳᠠᠷᠠᠭᠤᠯᠵᠤ ᠂ ᠮᠡᠳᠡᠯᠭᠡ ᠶᠢᠨ  ᠥᠮᠴᠢᠯᠡᠬᠦ ᠡᠷᠬᠡ ᠶᠢᠨ ᠲᠠᠯ᠎ᠠ ᠪᠠᠷ ᠰᠢᠨ᠎ᠡ ᠶᠢ ᠡᠭᠦᠳᠬᠦ ᠴᠢᠳᠠᠪᠤᠷᠢᠲᠠᠨ ᠪᠠ ᠣᠨᠴᠠᠯᠢᠭ ᠪᠦᠬᠦᠢ ᠡᠷᠳᠡᠮ ᠮᠡᠳᠡᠯᠭᠡ ᠶᠢᠨ ᠰᠠᠯᠠᠭᠠᠨ ᠤ ᠴᠢᠳᠠᠯ ᠢ  ᠨᠢᠭᠳᠠᠷᠠᠭᠤᠯᠵᠤ ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ  ᠥᠮᠴᠢᠯᠡᠬᠦ ᠡᠷᠬᠡ ᠶᠢᠨ ᠦᠢᠯᠡᠰ ᠦᠨ ᠬᠥᠭᠵᠢᠯᠲᠡ ᠳᠦ ᠢᠳᠡᠪᠬᠢᠲᠡᠶ ᠬᠤᠪᠢ ᠨᠡᠮᠡᠷᠢ  ᠦᠵᠡᠭᠦᠯᠦᠨ᠎ᠡ᠃ 

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ