ᠴᠢᠬᠤᠯᠠ ᠮᠡᠳᠡᠭᠡᠯᠡᠯ
ᠥᠪᠥᠷ ᠮᠣᠩᠭᠣᠯ ᠤᠨ ᠮᠡᠳᠡᠯᠭᠡ ᠶᠢᠨᠥᠮᠴᠢᠯᠡᠬᠦ ᠡᠷᠬᠡ ᠶᠢᠨ ᠲᠣᠪᠴᠢᠶ᠎ᠠ ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ ᠦᠨ ᠵᠠᠬ᠎ᠠ ᠳᠡᠯᠭᠡᠭᠦᠷ ᠦᠨ ᠥᠷᠢᠰᠥᠯᠳᠦᠭᠡᠨ ᠦ ᠠᠷᠭ᠎ᠠ ᠪᠤᠳᠤᠯᠭ᠎ᠠ ᠰᠤᠳᠤᠯᠤᠨ ᠰᠤᠷᠤᠯᠴᠠᠬᠤ ᠠᠩᠭᠢ ᠪᠠᠢᠭᠤᠯᠪᠠ
2018.09.27 ᠲᠣᠰ ᠥᠷᠲᠡᠭᠡᠨ ᠦ ᠨᠠᠢᠷᠠᠭᠤᠯᠤᠭᠴᠢ

7ᠰᠠᠷ᠎ᠠ ᠢ᠋ᠢᠨ23 ᠤ᠋ ᠡᠳᠦᠷ ᠠ᠋ᠴᠠ27 ᠤ᠋ ᠡᠳᠦᠷ ᠲᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠬᠦ ᠡᠷᠬᠡ ᠶᠢᠨ ᠲᠣᠪᠴᠢᠶ᠎ᠠ ᠴᠧᠩᠳᠦ᠋ ᠳᠦ 2018 ᠣᠨ ᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ  ᠥᠮᠴᠢᠯᠡᠬᠦ ᠡᠷᠬᠡ ᠶᠢᠨ ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ ᠦᠨ ᠵᠠᠬ᠎ᠠ ᠳᠡᠯᠭᠡᠭᠦᠷ ᠦᠨ ᠥᠷᠢᠰᠥᠯᠳᠦᠭᠡᠨ ᠦ ᠠᠷᠭ᠎ᠠ ᠪᠤᠳᠤᠯᠭ᠎ᠠ ᠰᠤᠳᠤᠯᠤᠨ ᠰᠤᠷᠤᠯᠴᠠᠬᠤ ᠠᠩᠬᠢ ᠳᠤ ᠣᠷᠣᠯᠴᠠᠪᠠ ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠣᠲᠠ ᠂ ᠬᠡᠰᠡᠭ ᠬᠣᠰᠢᠭᠤ ᠰᠢᠶᠠᠨ ( ᠲᠣᠭᠣᠷᠢᠭ ) ᠮᠡᠳᠡᠯᠭᠡ ᠶᠢᠨ  ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠠᠵᠤ ᠠᠬᠤᠶᠢᠯᠠᠯ ᠤᠨ 60 ᠭᠠᠷᠤᠶ ᠬᠥᠮᠦᠨ ᠣᠷᠣᠯᠴᠠᠵᠤ ᠂ ᠪᠣᠯᠪᠠᠰᠤᠷᠠᠭᠤᠯᠤᠯ  ᠬᠢᠪᠡ ᠃

 

ᠡᠨᠡ ᠤᠳᠠᠭᠠᠨ ᠤ ᠰᠤᠳᠤᠯᠤᠨ ᠰᠤᠷᠤᠯᠴᠠᠬᠤ ᠵᠣᠷᠢᠯᠭ᠎ᠠ ᠨᠢ ᠰᠢ ᠶᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭ᠎ᠠ ᠰᠤᠷᠤᠯᠴᠠᠵᠤ ᠂ ᠨᠠᠮ ᠤᠨ ᠲᠥᠪ ᠬᠣᠷᠢᠶ᠎ᠠ ᠂ ᠲᠦᠷᠦ ᠶᠢᠨ ᠶᠠᠪᠤᠳᠠᠯ ᠤᠨ ᠬᠣᠷᠢᠶᠠᠨ ᠤ ᠮᠡᠳᠡᠯᠭᠡ ᠶᠢᠨ  ᠥᠮᠴᠢᠯᠡᠬᠦ ᠡᠷᠬᠡ ᠶᠢᠨ ᠠᠵᠢᠯ ᠤᠨ ᠰᠢᠨ᠎ᠡ ᠦᠵᠡᠯ ᠰᠠᠨᠠᠭ᠎ᠠ ᠰᠢᠨ᠎ᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠮᠡᠳᠡᠯᠭᠡ ᠶᠢᠨ  ᠥᠮᠴᠢᠯᠡᠬᠦ ᠡᠷᠬᠡ ᠶᠢᠨ ᠬᠠᠮᠢᠶᠠᠷᠤᠭᠴᠢ ᠂ ᠰᠢᠨ᠎ᠡ ᠶᠢ ᠡᠭᠦᠳᠬᠦ ᠦᠵᠡᠯ ᠤᠬᠠᠮᠰᠠᠷ ᠪᠠ ᠬᠠᠮᠢᠶᠠᠷᠤᠯᠲᠠ ᠦᠢᠯᠡᠴᠢᠯᠡᠭᠡᠨ ᠦ ᠴᠢᠳᠠᠪᠤᠷᠢ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂  ᠤᠯᠠᠮ ᠨᠢᠭᠡ ᠠᠯᠬᠤᠮ ᠴᠢᠩᠭᠠᠳᠬᠠᠵᠤ ᠂ ᠰᠢᠨ᠎ᠡ ᠶᠢ ᠡᠭᠦᠳᠬᠦ ᠪᠡᠶᠡᠴᠢ ᠴᠣᠭᠴᠠ — ᠠᠵᠤ ᠠᠬᠤᠶᠢᠯᠠᠯ ᠤᠨ ᠮᠡᠳᠡᠯᠭᠡ ᠶᠢᠨ ᠥᠮᠴᠢᠯᠡᠬᠦ ᠡᠷᠬᠡ ᠶᠢᠨ ᠠᠵᠢᠯ ᠂ ᠠᠵᠤ ᠠᠬᠤᠶᠢᠯᠠᠯ ᠢ ᠵᠢᠯᠣᠭᠣᠳᠴᠤ ᠮᠡᠳᠡᠯᠭᠡ ᠶᠢᠨ  ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠂ ᠠᠵᠤ ᠠᠬᠤᠶᠢᠯᠠᠯ ᠤᠨ ᠮᠡᠳᠡᠯᠭᠡ ᠶᠢᠨ  ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ ᠂ ᠬᠡᠷᠡᠭᠵᠢᠭᠦᠯᠬᠦ ᠂ ᠬᠠᠮᠠᠭᠠᠯᠠᠬᠤ ᠪᠠ ᠬᠠᠮᠢᠶᠠᠷᠬᠤ ᠲᠠᠯ᠎ᠠ  ᠢ᠋ᠢᠨ ᠴᠢᠳᠠᠪᠤᠷᠢ ᠪᠠ ᠬᠢᠷᠢ ᠬᠡᠮᠵᠢᠶ᠎ᠡ  ᠶ᠋ᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠠᠪᠰᠤᠷᠴᠤ ᠰᠢᠨ᠎ᠡ ᠶᠢ ᠡᠭᠦᠳᠴᠦ ᠬᠥᠭᠵᠢᠭᠦᠯᠬᠦ ᠥᠷᠢᠰᠥᠯᠳᠦᠭᠡᠨ ᠦ ᠳᠤᠮᠳᠠ ᠢᠯᠠᠭᠳᠠᠰᠢ ᠦᠭᠡᠢ ᠪᠠᠶᠢᠷᠢᠨ ᠳᠤ ᠪᠠᠶᠢᠵᠤ ᠴᠢᠳᠠᠨ᠎ᠠ ᠃

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ