ᠴᠢᠬᠤᠯᠠ ᠮᠡᠳᠡᠭᠡᠯᠡᠯ
2018 ᠣᠨ ᠤ ᠪᠥᠬᠥ ᠤᠯᠤᠰ ᠤᠨ ᠲᠤᠰᠬᠠᠶ ᠠᠰᠢᠭ ᠤᠨ ᠣᠷᠣᠯᠠᠭᠴᠢ ᠶᠢᠨ ᠬᠢᠷᠢ ᠬᠡᠮ ᠦᠨ ᠰᠢᠯᠭᠠᠯᠲᠠ ᠠᠮᠵᠢᠯᠲᠠ ᠲᠠᠶ ᠲᠡᠭᠦᠰᠭᠡᠪᠡ
2018.11.06 ᠲᠣᠰ ᠥᠷᠲᠡᠭᠡᠨ ᠦ ᠨᠠᠢᠷᠠᠭᠤᠯᠤᠭᠴᠢ

2018 ᠣᠨ ᠤ11 ᠰᠠᠷ᠎ᠠ ᠢ᠋ᠢᠨ3-4 ᠡᠳᠦᠷ ᠲᠤ ᠪᠥᠬᠥ ᠤᠯᠤᠰ ᠤᠨ ᠲᠤᠰᠬᠠᠶ ᠠᠰᠢᠭ ᠤᠨ ᠣᠷᠣᠯᠠᠭᠴᠢ ᠶᠢᠨ ᠬᠢᠷᠢ ᠬᠡᠮ ᠦᠨ ᠰᠢᠯᠭᠠᠯᠲᠠ ᠨᠢ  ᠪᠦᠬᠦ ᠤᠯᠤᠰ ᠤᠨ 30 ᠰᠢᠯᠭᠠᠯᠲᠠ ᠶᠢᠨ ᠴᠡᠭ ᠦᠨ ᠬᠤᠳᠠ  ᠳ᠋ᠤ ᠤᠷᠤᠭᠰᠢᠲᠠᠶ ᠪᠡᠶᠡᠯᠡᠭᠦᠯᠵᠦ ᠂ ᠡᠨᠡ ᠪᠣᠯ ᠪᠦᠬᠦ ᠤᠯᠤᠰ ᠤᠨ ᠲᠤᠰᠬᠠᠶ ᠠᠰᠢᠭ ᠤᠨ ᠣᠷᠣᠯᠠᠭᠴᠢ ᠶᠢᠨ ᠬᠢᠷᠢ ᠬᠡᠮ ᠦᠨ ᠰᠢᠯᠭᠠᠯᠲᠠ ᠶᠢᠨ ᠲᠤᠢᠷᠢᠮ ᠢ ᠲᠣᠭᠲᠠᠭᠠᠭᠰᠠᠨ ᠠᠴᠠ ᠨᠡᠰᠢ ᠡᠷᠭᠢᠯᠡᠭᠰᠡᠨ 20 ᠳ᠋ᠤᠭᠠᠷ ᠤᠳᠠᠭᠠᠨ ᠤ ᠰᠢᠯᠭᠠᠯᠲᠠ   ᠪᠣᠯᠬᠤ ᠮᠥᠷᠲᠡᠭᠡᠨ᠂ ᠪᠠᠰᠠ  ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠂ ᠳᠠᠬᠢᠨ ᠪᠠᠢᠭᠤᠯᠤᠭᠰᠠᠨ ᠳᠠᠷᠠᠭᠠᠬᠢ ᠤᠯᠤᠰ ᠤᠨ ᠮᠡᠳᠡᠯᠭᠡ ᠶᠢᠨ  ᠥᠮᠴᠢᠯᠡᠬᠦ ᠡᠷᠬᠡ ᠶᠢᠨ ᠲᠣᠪᠴᠢᠶ᠎ᠠ ᠠᠩᠬᠠᠳᠤᠭᠠᠷ ᠤᠳᠠᠭᠠᠨ ᠤ ᠰᠢᠯᠭᠠᠯᠲᠠ ᠶᠤᠮ᠃ ᠡᠨᠡ ᠵᠢᠯ ᠣᠣᠮᠧᠨ ᠦ ᠵᠠᠰᠠᠭ ᠵᠠᠬᠢᠷᠭᠠᠨ ᠤ ᠣᠨᠴᠠᠭᠠᠶ ᠣᠷᠣᠨ  ᠠ᠋ᠴᠠ ᠭᠠᠳᠠᠨ᠎ᠠ ᠂ ᠪᠦᠬᠦ ᠤᠯᠤᠰ ᠤᠨ ᠡᠯ᠎ᠡ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠬᠢᠭᠡᠳ ᠳᠤᠮᠳᠠᠳᠤ ᠤᠯᠤᠰ ᠤᠨ ᠰᠢᠶᠠᠩᠭᠠᠩ ᠂ ᠲᠠᠶᠢᠸᠠᠨ ᠣᠷᠣᠨ ᠳᠤ ᠪᠠᠶᠢᠭ᠎ᠠ 4 ᠲᠦᠮᠡ ᠰᠢᠬᠠᠮ ᠬᠥᠮᠦᠨ ᠰᠢᠯᠭᠠᠯᠲᠠ ᠳᠤ ᠨᠡᠷ᠎ᠡ  ᠮᠡᠳᠡᠭᠦᠯᠵᠦ ᠂ ᠡᠭᠦᠨ ᠳᠦ  ᠪᠡᠭᠡᠵᠢᠩ ᠂ ᠭᠤᠸᠠᠩᠵᠧᠦ ᠂ ᠱᠠᠩᠬᠠᠶ ᠶᠢᠨ 3 ᠰᠢᠯᠭᠠᠯᠲᠠ ᠶᠢᠨ ᠴᠡᠭ ᠦᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠦᠨ ᠦ ᠲᠣᠭ᠎ᠠ ᠬᠠᠮᠤᠭ ᠢᠯᠡᠭᠦᠦ  ᠲᠥᠪᠯᠡᠷᠡᠪᠡ ᠃ 

ᠪᠥᠬᠥ ᠤᠯᠤᠰ ᠤᠨ ᠲᠤᠰᠬᠠᠶ ᠠᠰᠢᠭ ᠤᠨ ᠣᠷᠣᠯᠠᠭᠴᠢ ᠶᠢᠨ ᠬᠢᠷᠢ ᠬᠡᠮ ᠦᠨ ᠰᠢᠯᠭᠠᠯᠲᠠ ᠶᠢᠨ ᠳᠦᠷᠢᠮ ᠤ᠋ᠨᠨᠥᠯᠥᠭᠡ ᠨᠢ1992 ᠣᠨ ᠳᠤ ᠪᠠᠶᠢᠭᠤᠯᠤᠭᠳᠠᠭᠰᠠᠨ ᠠᠴᠠ ᠨᠠᠰᠢ  ᠵᠢᠯ ᠳᠠᠷᠠᠭᠠᠯᠠᠨ  ᠨᠡᠮᠡᠭᠳᠡᠵᠤ ᠪᠠᠢᠨ᠎ᠠ᠃ ᠲᠣᠭ᠎ᠠ ᠪᠦᠷᠢᠳᠬᠡᠯ ᠡᠴᠡ ᠦᠵᠡᠪᠡᠯ ᠂ ᠡᠨᠡ ᠵᠢᠯ ᠰᠢᠯᠭᠠᠭᠤᠯᠤᠭᠴᠢ ᠨᠡᠷ᠎ᠡ ᠮᠡᠳᠡᠭᠦᠯᠦᠭᠡᠳ ᠬᠢᠨᠠᠨ ᠬᠠᠷᠭᠤᠭᠤᠯᠬᠤ ᠳᠤ ᠰᠢᠯᠭᠠᠯᠲᠠ ᠶᠢᠨ ᠬᠢᠷᠢ ᠬᠡᠮ ᠤᠯᠬᠤ ᠬᠥᠮᠦᠨ ᠦ ᠲᠣᠭ᠎ᠠ ᠨᠢ 3.9342 ᠲᠦᠮᠡᠨ ᠬᠥᠮᠦᠨ ᠂ 2017 ᠣᠨ ᠤ ᠬᠢ ᠡᠴᠡ20.23% ᠨᠡᠮᠡᠭᠳᠡᠵᠦ ᠂ ᠨᠡᠷ᠎ᠡ ᠮᠡᠳᠡᠭᠦᠯᠦᠭᠰᠡᠨ ᠲᠣᠭ᠎ᠠ ᠨᠢ  ᠴᠥᠮ ᠲᠡᠦᠬᠡᠨ ᠰᠢᠨ᠎ᠡ ᠲᠡᠮᠳᠡᠭᠯᠡᠯ  ᠢ ᠡᠭᠦᠳᠴᠡᠶ ᠃ ᠲᠤᠢᠬᠦᠮ ᠪᠣᠯᠭᠠᠬᠤ ᠶᠢᠨ ᠲᠥᠯᠥᠭᠡ ᠂ ᠰᠢᠯᠭᠠᠭᠤᠯᠤᠭᠰᠠᠳ ᠤᠨ ᠰᠢᠯᠭᠠᠯᠲᠠ ᠳᠤ ᠮᠡᠳᠡᠭᠦᠯᠬᠦ ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠢᠳᠡᠪᠬᠢᠲᠡᠶ ᠲᠦᠯᠬᠢᠨ ᠠᠬᠢᠭᠤᠯᠵᠤ ᠂ ᠡᠨᠡ ᠵᠢᠯ ᠦᠨ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠂ ᠬᠢᠨᠠᠨ ᠬᠠᠷᠭᠤᠭᠤᠯᠬᠤ ᠂ ᠲᠠᠲᠠᠪᠤᠷᠢ ᠲᠤᠰᠢᠶᠠᠬᠤ ᠂ ᠰᠢᠯᠭᠠᠯᠲᠠ ᠋ ᠳᠤ ᠣᠷᠣᠬᠤ ᠦᠨᠡᠮᠯᠡᠯ ᠠᠪᠬᠤ ᠂ ᠳᠠᠭᠤᠷᠢᠶᠠᠬᠤ ᠰᠢᠯᠭᠠᠯᠲᠠ ᠂ ᠰᠢᠯᠭᠠᠯᠲᠠ ᠳᠤ ᠬᠢᠷᠢ ᠲᠡᠩᠴᠡᠭᠰᠡᠨ ᠦ ᠳᠠᠷᠠᠭ᠎ᠠ ᠬᠢᠷᠢ ᠬᠡᠮ ᠦᠨ ᠦᠨᠡᠮᠯᠡᠯ ᠢ ᠭᠤᠶᠤᠴᠢᠯᠠᠨ ᠠᠪᠬᠤ ᠂ ᠴᠥᠮ  ᠰᠦᠯᠵᠢᠶᠡᠨ ᠳᠡᠭᠡᠷ᠎ᠡ ᠪᠡᠶᠡᠯᠡᠭᠦᠯᠵᠦ ᠴᠢᠳᠠᠬᠤ ᠪᠣᠯᠪᠠ᠃ ᠤᠢᠢᠷ᠎ᠠ ᠬᠠᠪᠢ ᠟ᠳᠤᠨᠢ ᠲᠥᠬᠥᠮ ᠦᠵᠡᠭᠦᠯᠬᠦ ᠶᠢᠨ ᠲᠤᠰᠠᠳᠠ ᠂  ᠡᠨᠡ ᠵᠢᠯ ᠴᠢᠩᠳᠣᠤ ᠶᠢᠨ ᠰᠢᠯᠭᠠᠯᠲᠠ ᠶᠢᠨ ᠴᠡᠭ ᠨᠡᠮᠡᠨ ᠪᠠᠶᠢᠭᠤᠯᠵᠤ ᠂ ᠰᠢᠯᠭᠠᠯᠲᠠ ᠶᠢᠨ ᠴᠡᠭ ᠦᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠪᠡ ᠃ ᠪᠥᠬᠥ ᠤᠯᠤᠰ ᠲᠤ ᠨᠡᠶᠢᠲᠡ 27 ᠮᠤᠵᠢ ᠣᠷᠣᠨ ᠂ 30 ᠰᠢᠯᠭᠠᠯᠲᠠ ᠶᠢᠨ ᠴᠡᠭ ᠦᠨ ᠰᠢᠯᠭᠠᠯᠲᠠ᠂ ᠨᠡᠶᠢᠲᠡ  ᠶᠢᠨ ᠰᠢᠯᠭᠠᠬᠤ ᠥᠷᠲᠡᠭᠡ77 ᠪᠠᠶᠢᠭᠤᠯᠤᠭᠰᠠᠨ ᠂ 717 ᠲᠠᠯᠠᠪᠤᠷ ᠰᠢᠯᠭᠠᠯᠲᠠ ᠳᠤ ᠣᠷᠣᠯᠴᠠᠪᠠ ᠃

 ᠪᠥᠬᠥ ᠤᠯᠤᠰ ᠤᠨ ᠲᠤᠰᠬᠠᠶ ᠠᠰᠢᠭ ᠤᠨ ᠣᠷᠣᠯᠠᠭᠴᠢ ᠶᠢᠨ ᠬᠢᠷᠢ ᠬᠡᠮ ᠦᠨ ᠰᠢᠯᠭᠠᠯᠲᠠ ᠨᠢ ᠤᠯᠤᠰ ᠤᠨ ᠮᠡᠳᠡᠯᠭᠡ ᠶᠢᠨ ᠥᠮᠴᠢᠯᠡᠬᠦ ᠡᠷᠬᠡ ᠶᠢᠨ ᠲᠣᠪᠴᠢᠶᠠᠨ ᠤ ᠰᠢᠭᠤᠳ ᠵᠣᠬᠢᠶᠠᠨ ᠪᠠᠢᠭᠤᠯᠵᠤ ᠂ ᠡᠯ᠎ᠡ ᠰᠢᠯᠭᠠᠯᠲᠠ ᠶᠢᠨ ᠭᠠᠵᠠᠷ ᠣᠷᠣᠨ ᠨᠤᠲᠤᠭ ᠤᠨ ᠮᠡᠳᠡᠯᠭᠡ ᠶᠢᠨ  ᠥᠮᠴᠢᠯᠡᠬᠦ ᠡᠷᠬᠡ ᠶᠢᠨ ᠲᠣᠪᠴᠢᠶ᠎ᠠ ᠬᠠᠮᠲᠤᠷᠠᠨ ᠬᠡᠷᠡᠭᠵᠢᠭᠦᠯᠵᠦ ᠂ ᠪᠦᠬᠦ ᠤᠯᠤᠰ ᠤᠨ ᠴᠢᠨᠠᠷᠲᠠᠶ ᠠᠵᠢᠯ ᠲᠥᠷᠥᠯ ᠦᠨ ᠬᠢᠷᠢ ᠬᠡᠮ ᠦᠨ ᠰᠢᠯᠭᠠᠯᠲᠠ ᠶᠤᠮ ᠃ ᠤᠯᠤᠰ ᠤᠨ ᠮᠡᠳᠡᠯᠭᠡ ᠶᠢᠨ ᠥᠮᠴᠢᠯᠡᠬᠦ ᠡᠷᠬᠡ ᠶᠢᠨ ᠲᠣᠪᠴᠢᠶᠠᠨ ᠤ ᠬᠣᠯᠪᠣᠭᠳᠠᠯ ᠪᠥᠬᠥᠶ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ ᠂ ᠤᠢᠢᠷ᠎ᠠ ᠶᠢᠨ ᠵᠢᠯ ᠲᠦ ᠂ ᠤᠯᠤᠰ ᠤᠨ ᠮᠡᠳᠡᠯᠭᠡ ᠶᠢᠨ ᠥᠮᠴᠢᠯᠡᠬᠦ ᠡᠷᠬᠡ ᠶᠢᠨ ᠲᠣᠪᠴᠢᠶ᠎ᠠ ᠥᠭᠡᠷᠡᠴᠢᠯᠡᠯᠲᠡ ᠶᠢᠨ ᠡᠷᠴᠢᠮ ᠢᠶᠡᠨ ᠴᠢᠩᠭᠠᠷᠠᠭᠤᠯᠵᠤ ᠂ ᠤᠯᠠᠨ ᠵᠦᠢᠯ ᠦᠨ ᠠᠷᠭ᠎ᠠ ᠬᠡᠮᠵᠢᠶ᠎ᠡ ᠠᠪᠴᠤ ᠂ ᠰᠢᠯᠭᠠᠯᠲᠠ ᠶᠢᠨ ᠳᠠᠪᠲᠠᠮᠵᠢ ᠤᠳᠠᠭ᠎ᠠ ᠨᠡᠮᠡᠭᠳᠡᠭᠦᠯᠬᠦ ᠪᠡᠷ ᠳᠠᠮᠵᠢᠭᠤᠯᠤᠨ ᠂ ᠠᠭᠤᠵᠢᠭᠤ ᠲᠠᠯᠪᠢᠵᠤ ᠂ ᠰᠢᠯᠭᠠᠯᠲᠠ ᠶᠢᠨ ᠨᠡᠷ᠎ᠡ ᠮᠡᠳᠡᠭᠦᠯᠬᠦ ᠨᠥᠬᠥᠴᠡᠯ ᠂ ᠺᠣᠮᠫᠢᠦ᠋ᠲ᠋ᠧᠷ ᠦᠨ ᠰᠢᠯᠭᠠᠯᠲᠠ  ᠬᠡᠷᠡᠭᠵᠢᠭᠦᠯᠵᠦ ᠂ ᠰᠢᠶᠠᠩᠭᠠᠩ ᠂ ᠣᠣᠮᠧᠨ ᠂ ᠲᠠᠶᠢᠸᠠᠨ ᠤ ᠰᠠᠭᠤᠭᠠᠯᠢ ᠠᠷᠠᠳ  ᠢ ᠣᠷᠣᠯᠴᠠᠭᠤᠯᠳᠠᠭ ᠰᠢᠯᠭᠠᠯᠲᠠ ᠵᠡᠷᠭᠡ ᠠᠷᠭ᠎ᠠ ᠬᠡᠮᠵᠢᠶ᠎ᠡ ᠶ᠋ᠢ ᠠᠯᠬᠤᠮ ᠠᠯᠬᠤᠮ ᠢᠶᠠᠷ ᠴᠢᠯᠥᠭᠡᠲᠡᠶ ᠲᠠᠯᠪᠢᠵᠤ ᠂ ᠰᠢᠯᠭᠠᠯᠲᠠ ᠶᠢᠨ ᠲᠦᠷᠢᠮ ᠦᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠂ ᠨᠠᠩ ᠣᠯᠠᠨ ᠰᠢᠯᠢᠳᠡᠭ ᠴᠢᠳᠠᠪᠤᠷᠢᠲᠠᠨ  ᠢ᠋  ᠰᠢᠨᠭᠡᠭᠡᠪᠡ᠃ 20 ᠵᠢᠯ ᠬᠥᠭᠵᠢᠭᠦᠯᠬᠦ ᠪᠠ ᠪᠦᠷᠢᠨᠰᠢᠬᠦᠯᠬᠦ  ᠪᠡᠷ ᠪᠥᠬᠥ ᠤᠯᠤᠰ ᠤᠨ ᠲᠤᠰᠬᠠᠶ ᠠᠰᠢᠭ ᠤᠨ ᠣᠷᠣᠯᠠᠭᠴᠢ ᠶᠢᠨ ᠬᠢᠷᠢ ᠬᠡᠮ ᠦᠨ ᠰᠢᠯᠭᠠᠯᠲᠠ ᠨᠢ ᠨᠢᠭᠡᠨᠲᠡ ᠮᠡᠳᠡᠯᠭᠡ ᠶᠢᠨ ᠥᠮᠴᠢᠯᠡᠬᠦ ᠡᠷᠬᠡ ᠶᠢᠨ ᠦᠶᠯᠡᠴᠢᠯᠡᠭᠡᠨ ᠦ ᠴᠢᠳᠠᠪᠤᠷᠢᠲᠠᠨ ᠢ ᠰᠢᠯᠢᠨ ᠰᠣᠩᠭᠣᠵᠤ ᠬᠥᠮᠦᠵᠢᠭᠦᠯᠬᠦ ᠴᠢᠬᠤᠯᠠ ᠠᠷᠭ᠎ᠠ ᠵᠠᠮ  ᠪᠣᠯᠪᠠ᠃

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ