ᠴᠢᠬᠤᠯᠠ ᠮᠡᠳᠡᠭᠡᠯᠡᠯ
ᠠᠩᠬᠠᠳᠠᠭᠴᠢ《 ᠮᠣᠩᠭᠣᠯ ᠬᠢᠲᠠᠳ ᠬᠠᠷᠢᠴᠠᠭᠤᠯᠤᠭᠰᠠᠨ ᠮᠡᠳᠡᠯᠭᠡ ᠶᠢᠨ ᠥᠮᠴᠢᠯᠡᠬᠦ ᠡᠷᠬᠡ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠦᠨ ᠨᠡᠷ᠎ᠡ ᠲᠣᠮᠢᠶ᠎ᠠ 》 ᠤ᠋ᠨ ᠭᠠᠷ ᠳᠡᠪᠲᠡᠷ ᠨᠡᠶᠢᠲᠡᠯᠡᠵᠡᠶ
2018.12.05 ᠲᠣᠰ ᠥᠷᠲᠡᠭᠡᠨ ᠦ ᠨᠠᠢᠷᠠᠭᠤᠯᠤᠭᠴᠢ

ᠦᠢᠷ᠎ᠠ ᠶᠢᠨ ᠡᠳᠦᠷ  ᠲᠤ ᠥᠪᠥᠷ ᠮᠣᠩᠭᠣᠯ ᠤᠨ ᠮᠡᠳᠡᠯᠭᠡ ᠶᠢᠨ  ᠥᠮᠴᠢᠯᠡᠬᠦ ᠡᠷᠬᠡ ᠶᠢᠨ  ᠦᠢᠴᠢᠯᠡᠯᠭᠡᠨ ᠦ ᠲᠥᠪ ᠨᠠᠶᠢᠷᠠᠭᠤᠯᠤᠨ ᠪᠢᠴᠢᠭᠰᠡᠨ 《 ᠮᠣᠩᠭᠣᠯ ᠬᠢᠲᠠᠳ ᠬᠠᠷᠢᠴᠠᠭᠤᠯᠤᠭᠰᠠᠨ ᠮᠡᠳᠡᠯᠭᠡ ᠶᠢᠨ ᠥᠮᠴᠢᠯᠡᠬᠦ ᠡᠷᠬᠡ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠦᠨ ᠨᠡᠷ᠎ᠡ ᠲᠣᠮᠢᠶ᠎ᠠ 》 ᠤ᠋ᠨ ᠭᠠᠷ ᠳᠡᠪᠲᠡᠷ ᠠᠯᠪᠠᠨ ᠶᠣᠰᠣᠭᠠᠷ ᠨᠡᠶᠢᠲᠡᠯᠡᠵᠡᠶ ᠃

《 ᠮᠣᠩᠭᠣᠯ ᠬᠢᠲᠠᠳ ᠬᠠᠷᠢᠴᠠᠭᠤᠯᠤᠭᠰᠠᠨ ᠮᠡᠳᠡᠯᠭᠡ ᠶᠢᠨ  ᠥᠮᠴᠢᠯᠡᠬᠦ ᠡᠷᠬᠡ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠦᠨ ᠨᠡᠷ᠎ᠡ ᠲᠣᠮᠢᠶ᠎ᠠ 》 ᠪᠣᠯ ᠨᠢᠭᠡᠨ ᠢᠵᠢ ᠳᠣᠭᠢᠷᠬᠠᠰᠠᠨ ᠭᠠᠷ ᠳᠡᠪᠲᠡᠷ  ᠂ ᠮᠣᠩᠭᠣᠯ ᠬᠢᠲᠠᠳ ᠬᠣᠶᠠᠷ ᠬᠡᠯᠡᠨ ᠦ ᠣᠷᠴᠢᠭᠤᠯᠭ᠎ᠠ ᠶᠢᠨ ᠲᠤᠯᠢ  ᠃  ᠮᠠᠨ ᠤ ᠤᠯᠤᠰ ᠤᠨ ᠠᠩᠬᠠᠳᠠᠭᠴᠢ ᠮᠣᠩᠭᠣᠯ ᠬᠢᠲᠠᠳ ᠬᠠᠷᠢᠴᠠᠭᠤᠯᠤᠭᠰᠠᠨ ᠮᠡᠳᠡᠯᠭᠡ ᠶᠢᠨ  ᠥᠮᠴᠢᠯᠡᠬᠦ ᠡᠷᠬᠡ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠦᠨ ᠨᠡᠷ᠎ᠡ ᠦᠭᠡ  ᠢ᠋ᠢᠨ ᠭᠠᠷ ᠳᠡᠪᠲᠡᠷ ᠪᠣᠯᠤᠨ᠎ᠠ᠃  ᠥᠪᠥᠷ ᠮᠣᠩᠭᠣᠯ ᠤᠨ ᠮᠡᠳᠡᠯᠭᠡ ᠶᠢᠨ  ᠥᠮᠴᠢᠯᠡᠬᠦ ᠡᠷᠬᠡ ᠶᠢᠨ ᠦᠢᠴᠢᠯᠡᠯᠭᠡᠨ ᠦ ᠲᠥᠪ ᠦᠨ ᠡᠷᠬᠢᠯᠡᠭᠴᠢ ᠬᠠᠨ ᠶᠦᠩ ᠲᠠᠨᠢᠯᠴᠠᠭᠤᠯᠬᠤ ᠳᠠᠭᠠᠨ  ᠰᠢᠨᠵᠢᠯᠡᠬᠦ ᠤᠬᠠᠭᠠᠨ ᠮᠡᠷᠭᠡᠵᠢᠯ ᠦᠨ ᠲᠡᠪᠰᠢᠯᠳᠠ ᠡᠳᠦᠷ ᠡᠴᠡ ᠡᠳᠦᠷ ᠰᠢᠨᠡᠳᠦᠨ ᠂ ᠦᠢᠯᠡᠳᠪᠦᠷᠢᠯᠡᠯ ᠦᠨ ᠬᠦᠴᠦᠨ ᠪᠣᠯᠤᠨ ᠬᠥᠮᠦᠨ ᠲᠥᠷᠥᠯᠬᠢᠲᠡᠨ ᠦ ᠠᠵᠤ ᠠᠬᠤᠶ ᠨᠡᠶᠢᠭᠡᠮ ᠦᠨ ᠯᠤᠲᠤ ᠶᠡᠬᠡ ᠬᠤᠪᠢᠷᠠᠯᠲᠠ ᠭᠠᠷᠴᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠮᠡᠳᠡᠯᠭᠡ ᠶᠢᠨ  ᠥᠮᠴᠢᠯᠡᠬᠦ ᠡᠷᠬᠡ ᠶᠢᠨ ᠬᠦᠷᠢᠶᠡᠨ ᠳᠦ ᠰᠢᠨ᠎ᠡ ᠦᠭᠡᠰ ᠦᠨ ᠰᠠᠩ ᠲᠠᠰᠤᠷᠠᠯᠲᠠ ᠦᠭᠡᠢ ᠢᠯᠡᠷᠡᠨ  ᠭᠠᠷᠬᠤ  ᠳ᠋ᠤ᠂ ᠮᠣᠩᠭᠣᠯ ᠬᠢᠲᠠᠳ ᠬᠣᠶᠠᠷ ᠬᠡᠯᠡ ᠪᠡᠷ ᠮᠡᠳᠡᠯᠭᠡ ᠶᠢᠨ ᠥᠮᠴᠢᠯᠡᠬᠦ ᠡᠷᠬᠡ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠦᠨ ᠨᠡᠷ᠎ᠡ ᠦᠭᠡ ᠨᠢ ᠦᠨᠡᠬᠡᠷ ᠳᠤᠲᠠᠮᠠᠭ ᠪᠠᠶᠢᠵᠤ ᠂ ᠮᠠᠨ ᠤ ᠤᠯᠤᠰ  ᠤ᠋ᠨ ᠮᠣᠩᠭᠣᠯ ᠦᠨᠳᠦᠰᠦᠲᠡᠨ  ᠤ᠋ ᠬᠥᠮᠦᠨ ᠠᠮᠠ ᠶᠢᠨ ᠲᠠᠷᠬᠠᠯᠲᠠ  ᠪᠣᠯᠤᠨ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ᠂ ᠮᠡᠳᠡᠯᠭᠡ ᠶᠢᠨ  ᠥᠮᠴᠢᠯᠡᠬᠦ ᠡᠷᠬᠡ ᠶᠢᠨ ᠠᠵᠢᠯ ᠢ ᠥᠷᠨᠢᠭᠦᠯᠬᠦ ᠬᠡᠷᠡᠭᠲᠡᠶ ᠃ ᠲᠤᠰ ᠭᠠᠷ  ᠳᠡᠪᠲᠡᠷ  ᠨᠢ ᠥᠷᠭᠡᠨ ᠣᠯᠠᠨ ᠮᠣᠩᠭᠣᠯ ᠦᠨᠳᠦᠰᠦᠲᠡᠨ ᠦ ᠠᠷᠠᠳ ᠤᠯᠠᠨ ᠢ ᠴᠠᠭ ᠲᠤᠬᠠᠶ ᠳᠤᠨᠢ ᠂ ᠤᠯᠤᠰ ᠤᠨ ᠮᠡᠳᠡᠯᠭᠡ ᠶᠢᠨ  ᠥᠮᠴᠢᠯᠡᠬᠦ ᠡᠷᠬᠡ ᠶᠢᠨ ᠪᠦᠬᠦ ᠲᠠᠯ᠎ᠠ ᠪᠠᠷ ᠤᠢᠢᠯᠠᠭᠠᠨ ᠡᠵᠡᠮᠰᠢᠵᠦ ᠂ ᠰᠢᠨᠵᠢᠯᠡᠬᠦ ᠤᠬᠠᠭᠠᠨ ᠮᠡᠷᠭᠡᠵᠢᠯ ᠦᠨ ᠲᠥᠷᠥ ᠶᠢᠨ ᠪᠣᠳᠣᠯᠭ᠎ᠠ ᠂ ᠬᠠᠤᠯᠢ ᠲᠣᠭᠲᠠᠭᠠᠯ ᠂ ᠬᠣᠯᠪᠣᠭᠳᠠᠯ ᠪᠦᠬᠦᠢ ᠮᠡᠳᠡᠯᠭᠡ ᠶᠢ ᠰᠤᠷᠤᠯᠴᠠᠵᠤ ᠂ ᠮᠡᠳᠡᠯᠭᠡ ᠶᠢᠨ  ᠡᠷᠬᠡ ᠶᠢ ᠬᠠᠮᠠᠭᠠᠯᠠᠬᠤ ᠤᠬᠠᠮᠰᠠᠷ  ᠳᠡᠭᠡᠭᠰᠢᠯᠡᠭᠦᠯᠵᠦ  ᠴᠢᠳᠠᠬᠤ ᠪᠠᠷ ᠪᠠᠷᠠᠬᠤ ᠥᠬᠡᠶ  ᠪᠠᠰᠠ  ᠴᠥᠭᠡᠨ ᠲᠣᠭᠠᠲᠤ ᠦᠨᠳᠦᠰᠦᠲᠡᠨ ᠦ ᠭᠠᠵᠠᠷ ᠣᠷᠣᠨ ᠤ ᠰᠢᠨ᠎ᠡ ᠟ᠢᠶ ᠡᠭᠦᠳᠬᠦ ᠴᠢᠳᠠᠪᠤᠷᠢ ᠟ ᠶ᠋ᠢ ᠳᠡᠭᠡᠭᠰᠢᠯᠡᠭᠦᠯᠬᠦ ᠂ ᠴᠥᠭᠡᠨ ᠲᠣᠭᠠᠲᠤ ᠦᠨᠳᠦᠰᠦᠲᠡᠨ ᠦ ᠭᠠᠵᠠᠷ ᠣᠷᠣᠨ ᠤ ᠠᠵᠤ ᠠᠬᠤᠶ ᠂ ᠰᠢᠨᠵᠢᠯᠡᠬᠦ ᠤᠬᠠᠭᠠᠨ ᠮᠡᠷᠭᠡᠵᠢᠯ ᠦᠨ ᠴᠢᠨᠠᠷ ᠰᠠᠶᠢᠲᠠᠢ  ᠬᠦᠭᠵᠢᠭᠦᠯᠵᠦ ᠴᠢᠳᠠᠨ᠎ᠠ ᠃ 

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ