ᠴᠢᠬᠤᠯᠠ ᠮᠡᠳᠡᠭᠡᠯᠡᠯ
ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠪᠦᠬᠦᠳᠡ ᠬᠤᠷᠠ
2018.12.10 ᠲᠣᠰ ᠥᠷᠲᠡᠭᠡᠨ ᠦ ᠨᠠᠢᠷᠠᠭᠤᠯᠤᠭᠴᠢ

 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠨᠢ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠸᠩ ᠬᠤᠷᠠᠯ ᠡᠷᠬᠢᠯᠡᠪᠡ᠃

    ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 60 ᠭᠡᠰᠢᠭᠦᠨ ᠡᠴᠡ 53 ᠨᠢ ᠬᠤᠷᠠᠯ ᠳᠤ  ᠣᠷᠤᠯᠴᠠᠪᠠ᠃

    ᠬᠤᠷᠠᠯ ᠡᠴᠡ《ᠦᠪᠦᠷ ᠮᠣᠩᠭᠣᠯ ᠤᠨ ᠦᠪᠡᠷᠲᠡᠭᠡᠨ ᠵᠠᠰᠠᠬᠣ ᠣᠷᠣᠨ ᠤ ᠲᠦᠰᠦᠪ ᠢ ᠬᠢᠨᠠᠨ ᠪᠠᠶᠢᠴᠠᠭᠠᠵᠣ ᠬᠢᠨᠠᠯᠲᠠ ᠲᠠᠯᠪᠢᠬᠣ ᠳᠦᠷᠢᠮ (ᠲᠦᠰᠦᠯ ᠳ᠋ᠦ ᠵᠠᠰᠠᠪᠦᠷᠢ ᠣᠷᠣᠭᠣᠯᠣᠭᠰᠠᠨ ᠨᠣᠣᠷᠠᠭ)》᠂《ᠦᠪᠦᠷ ᠮᠣᠩᠭᠣᠯ ᠤᠨ ᠦᠪᠡᠷᠲᠡᠭᠡᠨ ᠵᠠᠰᠠᠬᠣ ᠣᠷᠣᠨ ᠤ ᠠᠭᠠᠷ ᠮᠠᠨᠳᠠᠯ ᠤᠨ ᠪᠣᠬᠢᠷᠳᠣᠯ ᠢ ᠰᠡᠷᠬᠡᠶᠢᠯᠡᠨ ᠵᠠᠰᠠᠬᠣ ᠳᠦᠷᠢᠮ (ᠲᠦᠰᠦᠯ ᠳ᠋ᠦ ᠵᠠᠰᠠᠪᠦᠷᠢ ᠣᠷᠣᠭᠣᠯᠣᠭᠰᠠᠨ ᠨᠣᠣᠷᠠᠭ)》 ᠂《ᠦᠪᠦᠷ ᠮᠣᠩᠭᠣᠯ ᠤᠨ ᠦᠪᠡᠷᠲᠡᠭᠡᠨ ᠵᠠᠰᠠᠬᠣ ᠣᠷᠣᠨ ᠤ ᠰᠢᠨᠵᠢᠯᠡᠭᠡ ᠮᠡᠷᠭᠡᠵᠢᠯ ᠦᠨ ᠦᠷ᠎ᠡ ᠪᠦᠲᠦᠭᠡᠯ ᠤᠨ ᠣᠯᠠᠷᠢᠭᠣᠯᠣᠯᠲᠠ ᠶ᠋ᠢ ᠠᠬᠢᠭᠣᠯᠬᠣ ᠳᠦᠷᠢᠮ(ᠵᠠᠰᠠᠵᠣ ᠲᠣᠭᠲᠠᠭᠠᠭᠰᠠᠨ ᠲᠦᠰᠦᠯ ᠳ᠋ᠦ ᠵᠠᠰᠠᠪᠦᠷᠢ ᠣᠷᠣᠭᠣᠯᠣᠭᠰᠠᠨ ᠨᠣᠣᠷᠠᠭ)》᠂《〈ᠦᠪᠦᠷ ᠮᠣᠩᠭᠣᠯ ᠤᠨ ᠦᠪᠡᠷᠲᠡᠭᠡᠨ ᠵᠠᠰᠠᠬᠣ ᠣᠷᠣᠨ ᠤ ᠨᠣᠭᠣ ᠭᠠᠵᠠᠷ ᠤᠨ ᠬᠠᠮᠠᠭᠠᠯᠠᠯᠲᠠ ᠶ᠋ᠢᠨ ᠳᠦᠷᠢᠮ〉ᠵᠡᠷᠭᠡ 5 ᠬᠣᠪᠢ ᠣᠷᠣᠨ ᠨᠣᠳᠣᠭ ᠤᠨ ᠴᠢᠨᠠᠷᠲᠠᠢ ᠬᠠᠣᠯᠢ ᠲᠣᠭᠲᠠᠭᠠᠯ ᠳ᠋ᠤ ᠵᠠᠰᠠᠪᠦᠷᠢ ᠣᠷᠣᠭᠣᠯᠬᠣ ᠵᠦᠪᠯᠯᠡᠭᠡ(ᠲᠦᠰᠦᠯ)》᠂ 《ᠬᠡᠰᠡᠭ ᠣᠷᠣᠨ ᠨᠣᠳᠣᠭ ᠤᠨ ᠴᠢᠨᠠᠷᠲᠠᠢ ᠬᠠᠣᠯᠢ ᠲᠣᠭᠲᠠᠭᠠᠯ ᠳ᠋ᠤ ᠵᠠᠰᠠᠪᠦᠷᠢ ᠣᠷᠣᠭᠣᠯᠬᠣ ᠲᠣᠬᠠᠢ ᠬᠦᠬᠡᠬᠣᠲᠠ ᠶ᠋ᠢᠨ ᠠᠷᠠᠳ ᠤᠨ ᠲᠦᠯᠦᠭᠡᠯᠡᠭᠴᠢᠳ ᠦᠨ ᠶᠡᠭᠡ ᠬᠣᠷᠠᠯ ᠤᠨ ᠪᠠᠶᠢᠩᠭᠣ ᠶ᠋ᠢᠨ ᠬᠣᠷᠢᠶᠠᠨ ᠤ ᠲᠣᠭᠲᠠᠭᠠᠯ》᠂《ᠣᠯᠠᠭᠠᠨᠬᠠᠲᠠ ᠬᠣᠲᠠ ᠶ᠋ᠢᠨ ᠭᠠᠵᠠᠷ ᠲᠣᠣᠷᠠᠬᠢ ᠣᠰᠣᠨ ᠤ ᠬᠠᠮᠠᠭᠠᠯᠠᠯᠲᠠ ᠶ᠋ᠢᠨ ᠳᠦᠷᠢᠮ》᠂《ᠣᠯᠠᠭᠠᠨᠴᠠᠪ ᠬᠣᠲᠠ ᠶ᠋ᠢᠨ ᠠᠳᠠᠯ ᠠᠬᠣᠢ ᠶ᠋ᠢᠨ ᠬᠠᠮᠢᠶᠠᠷᠣᠯᠲᠠ ᠶ᠋ᠢᠨ ᠳᠦᠷᠢᠮ》᠂《ᠪᠠᠶᠠᠨᠨᠠᠭᠣᠷ ᠬᠣᠲᠠ ᠶ᠋ᠢᠨ ᠬᠣᠲᠠ ᠶ᠋ᠢᠨ ᠦᠩᠭᠡ ᠳᠦᠷᠰᠦ ᠪᠣᠯᠣᠨ ᠣᠷᠴᠢᠨ ᠲᠣᠭᠣᠷᠢᠨ ᠤ ᠠᠷᠢᠭᠣᠨ ᠴᠡᠪᠡᠷ ᠦᠨ ᠬᠠᠮᠠᠭᠠᠯᠠᠯᠲᠠ ᠶ᠋ᠢᠨ ᠳᠦᠷᠢᠮ》᠂《〈ᠪᠦᠬᠦᠲᠡ ᠨᠠᠶᠢᠷᠠᠮᠳᠠᠬᠣ ᠲᠣᠮᠲᠠᠲᠣ ᠠᠷᠠᠳ ᠣᠯᠣᠰ ᠤᠨ ᠦᠨᠳᠦᠰᠦᠨ ᠬᠠᠣᠯᠢ〉 ᠶ᠋ᠢ ᠬᠦᠨᠵᠡᠬᠡᠢ ᠰᠣᠷᠣᠯᠴᠠᠨ ᠣᠬᠠᠭᠣᠯᠬᠣ ᠪᠠ ᠲᠣᠭᠤᠰᠢᠯᠠᠭᠣᠯᠣᠨ ᠬᠡᠷᠡᠭᠵᠢᠬᠦᠯᠬᠦ ᠲᠣᠬᠠᠢ ᠦᠪᠦᠷ ᠮᠣᠩᠭᠣᠯ ᠤᠨ ᠦᠪᠡᠷᠲᠡᠭᠡᠨ ᠵᠠᠰᠠᠬᠣ ᠣᠷᠣᠨ ᠤ ᠠᠷᠠᠳ ᠤᠨ ᠲᠦᠯᠦᠭᠡᠯᠡᠭᠴᠢᠳ ᠦᠨ ᠶᠡᠭᠡ ᠬᠣᠷᠠᠯ ᠤᠨ ᠪᠠᠶᠢᠩᠭᠣ ᠶ᠋ᠢᠨ ᠬᠣᠷᠢᠶᠠᠨ ᠤ ᠰᠢᠢᠳᠪᠦᠷᠢ (ᠲᠦᠰᠦᠯ)》᠂《ᠦᠪᠦᠷ ᠮᠣᠩᠭᠣᠯ ᠤᠨ ᠦᠪᠡᠷᠲᠡᠭᠡᠨ ᠵᠠᠰᠠᠬᠣ ᠣᠷᠣᠨ ᠤ ᠠᠷᠪᠠᠨ ᠭᠣᠷᠪᠠᠳᠣᠭᠠᠷ ᠬᠣᠭᠣᠴᠠᠭᠠᠨ ᠤ ᠠᠷᠠᠳ ᠤᠨ ᠲᠦᠯᠦᠭᠡᠯᠡᠭᠴᠢᠳ ᠦᠨ ᠶᠡᠭᠡ ᠬᠣᠷᠠᠯ ᠤᠨ ᠬᠣᠶᠠᠳᠣᠭᠠᠷ ᠬᠣᠷᠠᠯᠳᠣᠭᠠᠨ ᠢ ᠬᠣᠷᠠᠯᠳᠣᠭᠣᠯᠬᠣ ᠲᠣᠬᠠᠢ ᠦᠪᠦᠷ ᠮᠣᠩᠭᠣᠯ ᠤᠨ ᠦᠪᠡᠷᠲᠡᠭᠡᠨ ᠵᠠᠰᠠᠬᠣ ᠣᠷᠣᠨ ᠤ ᠠᠷᠠᠳ ᠤᠨ ᠲᠦᠯᠦᠭᠡᠯᠡᠭᠴᠢᠳ ᠦᠨ ᠶᠡᠭᠡ ᠬᠣᠷᠠᠯ ᠤᠨ ᠪᠠᠶᠢᠩᠭᠣ ᠶ᠋ᠢᠨ ᠬᠣᠷᠢᠶᠠᠨ ᠤ ᠲᠣᠭᠲᠠᠭᠠᠯ (ᠲᠦᠰᠦᠯ)》᠂ 《2018 ᠣᠨ ᠤ ᠦᠪᠡᠷᠲᠡᠭᠡᠨ ᠵᠠᠰᠠᠬᠣ ᠣᠷᠣᠨ ᠤ ᠲᠣᠰ ᠱᠠᠲᠣᠨ ᠤ ᠲᠦᠰᠦᠪ ᠦᠨ ᠲᠣᠬᠢᠷᠠᠭᠣᠯᠣᠯᠲᠠ ᠶ᠋ᠢᠨ ᠲᠦᠰᠦᠯ ᠦᠨ ᠲᠣᠬᠠᠢ ᠦᠪᠡᠷᠲᠡᠭᠡᠨ ᠵᠠᠰᠠᠬᠣ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠬᠦᠯᠦᠯᠲᠡ》᠂ 《ᠦᠪᠦᠷ ᠮᠣᠩᠭᠣᠯ ᠤᠨ ᠦᠪᠡᠷᠲᠡᠭᠡᠨ ᠵᠠᠰᠠᠬᠣ ᠣᠷᠣᠨ ᠤ ᠠᠷᠠᠳ ᠤᠨ ᠲᠦᠯᠦᠭᠡᠯᠡᠭᠴᠢᠳ ᠦᠨ ᠶᠡᠭᠡ ᠬᠣᠷᠠᠯ ᠤᠨ ᠪᠠᠶᠢᠩᠭᠣ ᠶ᠋ᠢᠨ ᠬᠣᠷᠢᠶ᠎ᠠ ᠠᠵᠢᠯᠲᠠᠨ ᠢ ᠲᠣᠮᠢᠯᠠᠬᠣ ᠪᠠᠭᠣᠯᠭᠠᠬᠣ ᠵᠣᠶᠢᠯᠡᠰ》ᠵᠡᠷᠭᠡ 12 ᠵᠦᠢᠯ ᠢ ᠬᠢᠨᠠᠨ ᠪᠠᠲᠤᠯᠠᠵᠠᠢ᠃

   

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ