ᠴᠢᠬᠤᠯᠠ ᠮᠡᠳᠡᠭᠡᠯᠡᠯ
ᠲᠠᠸᠠᠷ  ᠤᠨ ᠲᠡᠮᠳᠡᠭ᠂ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠂ ᠬᠠᠮᠲᠤ ᠶᠢᠨ ᠲᠠᠸᠠᠷ ᠤᠨ ᠲᠡᠮᠳᠡᠭ ᠂ ᠭᠡᠷᠡᠴᠢᠯᠡᠬᠦ ᠲᠠᠸᠠᠷ ᠤᠨ ᠲᠡᠮᠳᠡᠭ
2019.01.15 ᠲᠣᠰ ᠥᠷᠲᠡᠭᠡᠨ ᠦ ᠨᠠᠢᠷᠠᠭᠤᠯᠤᠭᠴᠢ

ᠲᠠᠸᠠᠷ ᠤᠨ ᠲᠡᠮᠳᠡᠭ ᠪᠣᠯ ᠲᠠᠸᠠᠷ ᠪᠤᠶᠤ ᠠᠳᠠᠯᠢ ᠪᠤᠰᠤ ᠢᠷᠡᠯᠲᠡ ᠳᠤ ᠦᠢᠯᠡᠴᠢᠯᠡᠬᠦ ᠦᠵᠡᠵᠦ ᠪᠣᠯᠬᠤᠶᠢᠴᠠ ᠲᠡᠮᠳᠡᠭ ᠂ ᠡᠭᠦᠨ  ᠳᠤ ᠦᠰᠦᠭ  ᠪᠢᠴᠢᠭ ᠂ ᠵᠢᠷᠤᠭ ᠳᠦᠷᠰᠦ ᠂ ᠴᠠᠭᠠᠨ ᠲᠣᠯᠤᠭᠠᠢ᠂ ᠲᠣᠭ᠎ᠠ ᠂ ᠭᠤᠷᠪᠠᠨ ᠬᠡᠮᠵᠢᠯᠳᠦ ᠲᠡᠮᠳᠡᠭ ᠪᠠ  ᠥᠩᠭᠡ ᠪᠤᠳᠦᠬ  ᠤᠨ ᠨᠠᠢᠯᠠᠯ  ᠢ ᠵᠢᠴᠢ ᠳᠡᠭᠡᠷ᠎ᠡ ᠳᠤᠷᠠᠳᠤᠭᠰᠠᠨ ᠡᠯᠧᠮᠧᠨ᠋ᠲ ᠦᠳ ᠦᠨ ᠨᠠᠢᠯᠠᠯ ᠃ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠭᠡᠳᠡᠭ ᠨᠢ ᠤᠯᠤᠰ ᠤᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠬᠡᠢ  ᠲᠣᠪᠴᠢᠶ᠎ᠠ ᠶᠢᠨ ᠲᠠᠸᠠᠷ ᠤᠨ ᠲᠡᠮᠳᠡᠭ ᠤᠨ ᠲᠣᠪᠴᠢᠶᠠᠨ ᠡᠴᠡ ᠬᠢᠨᠠᠨ ᠵᠥᠪᠰᠢᠶᠡᠷᠡᠭᠡᠳ  ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ ᠵᠢᠭᠠᠳᠠᠭ ᠃ ᠡᠭᠦᠨ ᠳᠤ ᠲᠠᠸᠠᠷ ᠤᠨ ᠲᠡᠮᠳᠡᠭ ᠂ ᠦᠢᠯᠡᠴᠢᠯᠡᠭᠡᠨ ᠦ ᠲᠠᠸᠠᠷ  ᠤᠨ ᠲᠡᠮᠳᠡᠭ ᠪᠠ ᠬᠠᠮᠲᠤ ᠨᠡᠶᠢᠲᠡ ᠶᠢᠨ ᠲᠠᠸᠠᠷ  ᠤᠨ ᠲᠡᠮᠳᠡᠭ᠂ ᠭᠡᠷᠡᠴᠢᠯᠡᠬᠦ ᠲᠠᠸᠠᠷ ᠤᠨ ᠲᠡᠮᠳᠡᠭ ᠪᠠᠭᠲᠠᠨ᠎ᠠ᠃ ᠬᠠᠮᠲᠤ ᠨᠡᠶᠢᠲᠡ ᠶᠢᠨ ᠲᠠᠸᠠᠷ  ᠤᠨ ᠲᠡᠮᠳᠡᠭ ᠭᠡᠳᠡᠭ ᠨᠢ ᠪᠦᠯᠬᠦᠮ ᠨᠢᠭᠡᠴᠡ ᠂ ᠨᠡᠶᠢᠭᠡᠮᠯᠢᠭ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠨᠡᠷ᠎ᠡ ᠪᠡᠷ ᠳᠠᠩᠰᠠᠯᠠᠭᠤᠯᠤᠨ ᠲᠤᠰ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠦ ᠬᠤᠳᠠᠯᠳᠤᠭᠠᠨ  ᠤ ᠶᠠᠪᠤᠳᠠᠯ  ᠤᠨ ᠤᠢᠢᠯᠠ ᠠᠵᠢᠯᠯᠠᠭᠠᠨ ᠳᠤ  ᠬᠡᠷᠡᠭᠯᠡᠵᠤ ᠢᠶᠡᠷ ᠢᠶᠡᠨ ᠬᠡᠷᠡᠭᠯᠡᠭᠴᠢ ᠶᠢᠨ ᠲᠤᠰ ᠵᠣᠬᠢᠶᠠᠨ ᠪᠠᠶᠢᠭᠤᠯᠤᠯᠲᠠ  ᠤ ᠪᠦᠷᠢᠯᠳᠦᠬᠦᠨ ᠪᠣᠯᠬᠤ ᠬᠢᠷᠢ ᠬᠡᠮ  ᠢ ᠲᠣᠳᠣᠷᠬᠠᠶᠢᠯᠠᠬᠤ ᠲᠡᠮᠳᠡᠭ ᠢ ᠵᠢᠭᠠᠳᠠᠭ ᠃ ᠭᠡᠷᠡᠴᠢᠯᠡᠬᠦ ᠲᠠᠸᠠᠷ  ᠤᠨ ᠲᠡᠮᠳᠡᠭ ᠭᠡᠳᠡᠭ ᠨᠢ ᠶᠠᠮᠠᠷ ᠨᠢᠭᠡᠨ ᠵᠦᠢᠯ ᠦᠨ ᠲᠠᠸᠠᠷ ᠪᠤᠶᠤ ᠦᠢᠯᠡᠴᠢᠯᠡᠭᠡᠨ ᠳᠦ ᠬᠢᠨᠠᠯᠲᠠ ᠲᠠᠯᠪᠢᠬᠤ ᠴᠢᠳᠠᠪᠤᠷᠢ ᠪᠦᠬᠦᠢ ᠵᠣᠬᠢᠶᠠᠨ ᠪᠠᠶᠢᠭᠤᠯᠤᠯᠲᠠ ᠳᠤ ᠡᠵᠡᠮᠰᠢᠭᠳᠡᠵᠦ ᠂ ᠲᠤᠰ ᠵᠣᠬᠢᠶᠠᠨ ᠪᠠᠶᠢᠭᠤᠯᠤᠯᠲᠠ ᠠᠴᠠ ᠭᠠᠳᠠᠨᠠᠬᠢ ᠨᠢᠭᠡᠴᠢ ᠪᠤᠶᠤ ᠬᠤᠪᠢ ᠬᠥᠮᠦᠨ ᠲᠤᠰ ᠲᠠᠸᠠᠷ ᠪᠤᠶᠤ ᠦᠢᠯᠡᠴᠢᠯᠡᠭᠡᠨ  ᠳᠤ  ᠬᠡᠷᠡᠭᠯᠡᠵᠤ ᠲᠤᠰ ᠲᠠᠸᠠᠷ ᠪᠤᠶᠤ ᠦᠢᠯᠡᠴᠢᠯᠡᠭᠡᠨ ᠦ ᠤᠤᠯ  ᠤᠨ ᠦᠢᠯᠡᠳᠪᠦᠷᠢᠯᠡᠭᠰᠡᠨ ᠭᠠᠵᠠᠷ ᠂ ᠲᠦᠭᠦᠬᠡᠶ ᠡᠳ᠋ ᠂ᠦᠢᠯᠡᠳᠬᠦ ᠠᠷᠭ᠎ᠠ ᠬᠡᠮᠵᠢᠶ᠎ᠡ ᠂ ᠶᠠᠰᠤ ᠴᠢᠨᠠᠷ ᠪᠤᠶᠤ ᠪᠤᠰᠤᠳ ᠣᠨᠴᠠ ᠲᠣᠭᠲᠠᠭᠠᠭᠰᠠᠨ ᠴᠢᠨᠠᠷ  ᠢ  ᠭᠡᠷᠡᠴᠢᠯᠡᠬᠦ ᠳᠤ ᠬᠡᠷᠡᠭᠯᠡᠬᠦ ᠲᠡᠮᠳᠡᠭ ᠢ ᠵᠢᠭᠠᠵᠤ ᠪᠠᠢᠳᠠᠭ ᠃

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ