ᠴᠢᠬᠤᠯᠠ ᠮᠡᠳᠡᠭᠡᠯᠡᠯ
2018 ᠣᠨ ᠳᠤ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠲᠦᠷᠭᠡᠨ ᠢᠶᠠᠷ ᠨᠡᠮᠡᠭᠳᠡᠪᠡ
2019.02.22 ᠲᠣᠰ ᠥᠷᠲᠡᠭᠡᠨ ᠦ ᠨᠠᠢᠷᠠᠭᠤᠯᠤᠭᠴᠢ

ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠪᠠᠶᠠᠷ ᠤᠨᠮᠡᠳᠡᠭᠡ ᠵᠠᠯᠭᠠᠭ᠎ᠠ ᠪᠠᠷ ᠳᠠᠮᠵᠢᠭᠳᠠᠵᠤ᠂ ᠥᠴᠥᠭᠡᠳᠦᠷ᠂ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2018  ᠣᠨ ᠳᠤ᠂ ᠮᠠᠨ ᠤ ᠣᠷᠣᠨ ᠤ ᠡᠯ᠎ᠡ ᠭᠠᠵᠠᠷ ᠤᠨ ᠬᠢᠨ ᠪᠣᠬᠢᠷᠳᠤᠯ ᠦᠭᠡᠢ ᠬᠥᠭᠵᠢᠯᠲᠡ ᠬᠢᠭᠡᠳ ᠴᠢᠨᠠᠷ ᠰᠠᠶᠢᠲᠠᠶᠬᠥᠭᠵᠢᠯᠲᠡ ᠶᠢ ᠠᠬᠢᠭᠤᠯᠵᠤ᠂ ᠠᠵᠤ ᠦᠢᠯᠡᠰ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠲᠠᠰᠤᠷᠠᠯᠲᠠ ᠥᠬᠡᠶᠰᠢᠯᠢᠳᠡᠭᠵᠢᠭᠦᠯᠦᠨ᠂ ᠰᠢᠨ᠎ᠡ ᠬᠥᠳᠡᠯᠭᠡᠭᠴᠢ ᠡᠨᠧᠷᠭᠢ ᠶᠢ ᠬᠤᠪᠢᠷᠠᠭᠤᠯᠤᠨ ᠬᠦᠭᠵᠢᠭᠦᠯᠦᠭᠰᠡᠨ ᠠᠴᠠ ᠪᠥᠬᠦ ᠣᠷᠣᠨ ᠤᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠲᠦᠷᠭᠡᠨ ᠢᠶᠠᠷ ᠨᠡᠮᠡᠭᠳᠡᠵᠦ᠂ ᠰᠠᠯᠬᠢᠨ ᠤ ᠡᠨᠧᠷᠭᠢ᠂ ᠣᠰᠣᠨᠬᠦᠴᠦᠨ ᠤ ᠴᠠᠬᠢᠯᠭᠠᠨ ᠭᠠᠷᠭᠠᠯᠲᠠ ᠴᠥᠮ ᠬᠤᠶᠠᠷ ᠣᠷᠣᠨᠲᠤ ᠲᠤᠭ᠎ᠠ ᠪᠠᠷ ᠨᠡᠮᠡᠭᠳᠡᠵᠦ᠂ ᠨᠡᠷᠡᠨ ᠤ ᠡᠨᠧᠷᠭᠢ ᠶᠢᠨᠴᠠᠬᠢᠯᠭᠠᠨ ᠭᠠᠷᠭᠠᠯᠲᠠ ᠨᠡᠮᠡᠭᠳᠡᠯ ᠢᠶᠠᠨ ᠪᠠᠲᠤᠯᠠᠵᠤ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠦᠷ᠎ᠡ ᠪᠦᠲᠦᠮᠵᠢᠪᠣᠯᠣᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠲᠣᠭᠲᠠᠭᠤᠨ ᠢᠶᠠᠷ ᠳᠡᠭᠡᠭᠰᠢᠯᠡᠪᠡ᠃     ᠡᠨᠡ ᠨᠢ ᠭᠤᠷᠪᠠᠨ ᠲᠠᠯ᠎ᠠ ᠪᠠᠷ ᠢᠯᠡᠷᠡᠵᠦ ᠪᠠᠶᠢᠨ᠎ᠠ᠄     ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠨᠡᠮᠡᠭᠳᠡᠬᠦ ᠬᠠᠨᠳᠤᠰᠢ ᠲᠠᠢ ᠪᠣᠯᠪᠠ     2018 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠢᠨ᠎ᠡᠡᠨᠧᠷᠭᠢ ᠶᠢᠨ ᠴᠠᠬᠢᠯᠭᠠᠨ ᠭᠠᠷᠭᠠᠯᠲᠠ 695.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠳᠡᠭᠡᠷ᠎ᠡᠵᠢᠯ ᠤᠨ ᠬᠢ ᠠᠴᠠ 14.8% ᠪᠠᠷ ᠨᠡᠮᠡᠭᠳᠡᠨ᠂ ᠪᠥᠬᠦ ᠣᠷᠣᠨ ᠤ ᠴᠠᠬᠢᠯᠭᠠᠨ ᠭᠠᠷᠭᠠᠯᠲᠠ ᠶᠢᠨ 14.4% ᠶᠢᠡᠵᠡᠯᠡᠵᠦ᠂ ᠳᠡᠭᠡᠷ᠎ᠡ ᠵᠢᠯ ᠤᠨ ᠬᠢ ᠠᠴᠠ 0.8 ᠵᠠᠭᠤᠨ ᠤ ᠴᠡᠭ ᠳᠡᠭᠡᠭᠰᠢᠯᠡᠵᠡᠶ᠃ ᠡᠭᠦᠨ ᠳᠤ᠄ ᠰᠠᠯᠬᠢᠨ ᠬᠦᠴᠦᠨ ᠤᠴᠠᠬᠢᠯᠭᠠᠨ ᠭᠠᠷᠭᠠᠯᠲᠠ 570.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 14.4% ᠪᠠᠷ ᠨᠡᠮᠡᠭᠳᠡᠪᠡ︔ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠯᠲᠠ 84.9 ᠳ᠋ᠦᠩᠰᠢᠭᠤᠷ ᠺᠢᠯᠣᠸᠠᠲ ᠴᠠᠭ ᠲᠤᠬᠦᠷᠴᠦ᠂ ᠳᠡᠭᠡᠷ᠎ᠡ ᠵᠢᠯ ᠤᠨ ᠬᠢ ᠠᠴᠠ 2.9% ᠪᠠᠷ ᠨᠡᠮᠡᠭᠳᠡᠪᠡ︔ ᠣᠰᠣᠨ ᠬᠦᠴᠦᠨ ᠤ ᠴᠠᠬᠢᠯᠭᠠᠨ ᠭᠠᠷᠭᠠᠯᠲᠠ34.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 85.1% ᠪᠠᠷ ᠨᠡᠮᠡᠭᠳᠡᠪᠡ︔ᠠᠮᠢᠳᠤ ᠪᠣᠳᠠᠰ ᠤᠨ ᠮᠠᠰ ᠤᠨ ᠴᠠᠬᠢᠯᠭᠠᠨ ᠭᠠᠷᠭᠠᠯᠲᠠ 5.2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠳᠡᠭᠡᠷ᠎ᠡᠵᠢᠯ ᠤᠨ ᠬᠢ ᠠᠴᠠ 10.5% ᠪᠠᠷ ᠪᠠᠭᠤᠷᠠᠪᠠ᠃     ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃2018 ᠣᠨ ᠳᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠠᠴᠠ ᠰᠠᠯᠬᠢᠨ ᠬᠦᠴᠦᠨ ᠤ ᠴᠠᠬᠢᠯᠭᠠᠨ ᠤ ᠡᠵᠡᠯᠡᠬᠦᠬᠠᠷᠢᠴᠠᠯ ᠬᠠᠮᠤᠭ ᠥᠨᠳᠥᠷ ᠪᠠᠶᠢᠵᠤ᠂ 82.0% ᠲᠤ ᠬᠦᠷᠴᠦ᠂ ᠪᠤᠰᠤᠳ ᠨᠢ ᠲᠤᠰ ᠲᠤᠰ ᠨᠡᠷᠡᠨ ᠤᠡᠨᠧᠷᠭᠢ ᠶᠢᠨ ᠡᠵᠡᠯᠡᠬᠦ ᠬᠠᠷᠢᠴᠠᠯ ᠨᠢ 12.2% ᠲᠤ ᠬᠦᠷᠴᠦ᠂ ᠣᠰᠣᠨ ᠴᠠᠬᠢᠯᠭᠠᠨ ᠤ ᠡᠵᠡᠯᠡᠬᠦ ᠬᠠᠷᠢᠴᠠᠯ ᠨᠢ 5.0% ᠲᠤ ᠬᠦᠷᠴᠦ᠂ ᠠᠮᠢᠳᠤ ᠪᠣᠳᠠᠰ ᠤᠨ ᠮᠠᠰ ᠡᠨᠧᠷᠭᠢ ᠶᠢᠨ ᠴᠠᠬᠢᠯᠭᠠᠨ ᠭᠠᠷᠭᠠᠬᠤ ᠬᠠᠷᠢᠴᠠᠯ ᠨᠢ 0.8% ᠲᠤᠬᠦᠷᠴᠡᠢ᠃     ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ ᠡᠵᠡᠯᠡᠬᠦᠬᠠᠷᠢᠴᠠᠯ ᠦᠷᠭᠦᠯᠵᠢᠯᠡᠨ ᠳᠡᠭᠡᠭᠰᠢᠯᠡᠪᠡ     2018 ᠣᠨ ᠳᠤ᠂ ᠪᠥᠬᠦ ᠣᠷᠣᠨ ᠤ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠮᠠᠰᠢᠨᠴᠣᠭᠴᠠᠯᠠᠪᠤᠷᠢ ᠶᠢᠨ ᠪᠠᠭᠲᠠᠭᠠᠮᠵᠢ 4051.2 ᠲᠦᠮᠡᠨ ᠺᠢᠯᠣᠸᠠᠲ ᠲᠤ ᠬᠦᠷᠴᠦ᠂ ᠳᠡᠭᠡᠷ᠎ᠡ ᠵᠢᠯ ᠤᠨ ᠬᠢ ᠠᠴᠠ 10.6% ᠪᠠᠷ ᠨᠡᠮᠡᠭᠳᠡᠨ᠂ ᠪᠥᠬᠦ ᠣᠷᠣᠨ ᠤ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠶᠡᠷᠦᠩᠬᠡᠶ ᠪᠠᠭᠲᠠᠭᠠᠮᠵᠢ ᠶᠢᠨ 33.0% ᠢ ᠡᠵᠡᠯᠡᠵᠦ᠂ ᠬᠤᠪᠢ ᠶᠢᠨ ᠵᠢᠩ ᠨᠢ ᠳᠡᠭᠡᠷ᠎ᠡ ᠵᠢᠯ ᠤᠨ ᠬᠢ ᠠᠴᠠ 2.0 ᠵᠠᠭᠤᠨ ᠤ ᠴᠡᠭᠳᠡᠭᠡᠭᠰᠢᠯᠡᠵᠡᠶ᠃ ᠡᠭᠦᠨ ᠳᠤ᠄ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ2868.0 ᠲᠦᠮᠡᠨ ᠺᠢᠯᠣᠸᠠᠲ ᠲᠤ ᠬᠦᠷᠴᠦ᠂ ᠨᠡᠷᠡᠨ ᠡᠨᠧᠷᠭᠢ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 932.9 ᠲᠦᠮᠡᠨ ᠺᠢᠯᠣᠸᠠᠲ ᠲᠤ ᠬᠦᠷᠴᠦ᠂ ᠣᠰᠣᠨ ᠬᠦᠴᠦᠨ ᠢᠶᠠᠷ ᠴᠠᠬᠢᠯᠭᠠᠨ ᠭᠠᠷᠭᠠᠬᠤᠮᠠᠰᠢᠨ ᠴᠣᠭᠴᠠᠯᠠᠪᠤᠷᠢ ᠶᠢᠨ ᠪᠠᠭᠲᠠᠭᠠᠮᠵᠢ 238.1 ᠲᠦᠮᠡᠨ  ᠺᠢᠯᠣᠸᠠᠲ ᠲᠤ ᠬᠦᠷᠴᠦ᠂ ᠠᠮᠢᠳᠤ ᠪᠣᠳᠠᠰ ᠤᠨᠮᠠᠰ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 12.1 ᠲᠦᠮᠡᠨ ᠺᠢᠯᠣᠸᠠᠲ ᠲᠤᠬᠦᠷᠴᠡᠶ᠃     ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠠᠰᠢᠭᠯᠠᠭᠰᠠᠨ ᠪᠠᠶᠢᠳᠠᠯ 《ᠭᠤᠷᠪᠠᠳᠡᠭᠡᠭᠰᠢᠯᠡᠵᠦ ᠨᠢᠭᠡ ᠲᠣᠷᠣᠭᠰᠢᠯᠠᠪᠠ  》2018 ᠣᠨ ᠳᠤ᠂ ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠠᠷᠭᠠᠬᠤᠲᠥᠬᠦᠭᠡᠷᠦᠮᠵᠢ ᠶᠢ ᠳᠤᠮᠳᠠᠴᠢ ᠪᠠᠷ 2204 ᠴᠠᠭ ᠠᠰᠢᠭᠯᠠᠵᠤ᠂ ᠳᠡᠭᠡᠷ᠎ᠡ ᠵᠢᠯ ᠤᠨ ᠬᠢ ᠠᠴᠠ 6.8% ᠪᠠᠷᠨᠡᠮᠡᠭᠳᠡᠪᠡ︔ ᠣᠰᠣᠨ ᠴᠠᠬᠢᠯᠭᠠᠨ ᠤ ᠲᠥᠬᠦᠭᠡᠷᠦᠮᠵᠢ ᠶᠢ ᠳᠤᠮᠳᠠᠴᠢ ᠪᠠᠷ 1873 ᠴᠠᠭ ᠠᠰᠢᠭᠯᠠᠵᠤ᠂ ᠳᠡᠭᠡᠷ᠎ᠡᠵᠢᠯ ᠤᠨ ᠬᠢ ᠠᠴᠠ 93.0% ᠢᠶᠠᠷ ᠨᠡᠮᠡᠭᠳᠡᠪᠡ︔ ᠠᠮᠢᠳᠤ ᠪᠣᠳᠠᠰ ᠤᠨ ᠮᠠᠰ ᠤᠨ ᠴᠠᠬᠢᠯᠭᠠᠨ ᠭᠠᠷᠭᠠᠬᠤᠲᠥᠬᠦᠭᠡᠷᠦᠮᠵᠢ ᠶᠢ ᠳᠤᠮᠳᠠᠴᠢ ᠪᠠᠷ 4841 ᠴᠠᠭ ᠠᠰᠢᠭᠯᠠᠵᠤ᠂ ᠳᠡᠭᠡᠷ᠎ᠡ ᠵᠢᠯ ᠤᠨ ᠬᠢ ᠠᠴᠠ 3.7% ᠪᠠᠷᠨᠡᠮᠡᠭᠳᠡᠪᠡ︔ ᠨᠡᠷᠡᠨ ᠡᠨᠧᠷᠭᠢ ᠶᠢᠨ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠳᠤᠮᠳᠠᠴᠢ ᠪᠠᠷ 1384 ᠴᠠᠭᠠᠰᠢᠭᠯᠠᠵᠤ᠂ ᠳᠡᠭᠡᠷ᠎ᠡ ᠵᠢᠯ ᠤᠨ ᠬᠢ ᠠᠴᠠ 9.1% ᠪᠠᠷ ᠪᠠᠭᠤᠷᠠᠪᠠ᠃ (ᠮᠠᠰᠢᠨ ᠴᠣᠭᠴᠠᠯᠠᠪᠤᠷᠢ ᠶᠢᠨ ᠪᠠᠭᠲᠠᠭᠠᠮᠵᠢᠵᠢᠴᠢ ᠲᠥᠬᠦᠭᠡᠷᠦᠮᠵᠢ ᠶᠢ ᠠᠰᠢᠭᠯᠠᠭᠰᠠᠨ ᠴᠠᠭ ᠢ ᠪᠦᠷᠢᠳᠬᠡᠭᠰᠡᠨ ᠪᠠᠷᠢᠮᠵᠢᠶ᠎ᠠ ᠨᠢ ᠪᠥᠬᠦ ᠣᠷᠣᠨ ᠤ 6000ᠺᠢᠯᠣᠸᠠᠲ ᠵᠢᠴᠢ ᠲᠡᠭᠦᠨ ᠠᠴᠠ ᠳᠡᠭᠡᠭᠰᠢᠬᠢ ᠴᠠᠬᠢᠯᠭᠠᠨ ᠤ ᠦᠢᠯᠡᠳᠪᠦᠷᠢ ᠶᠢᠨ ᠲᠤᠭ᠎ᠠ ᠪᠠᠷᠢᠮᠲᠠ ᠪᠣᠯᠤᠨ᠎ᠠ)

ᠳᠤᠮᠳᠠᠲᠦ ᠮᠣᠩᠭᠤᠯ ᠤᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠴᠠᠩ ᠬᠡᠪᠯᠡᠯ ᠤᠨ ᠡᠷᠬᠡ ᠲᠠᠢ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠥ ᠺᠣᠮᠫᠠᠨᠢ ᠮᠡᠷᠭᠡᠵᠢᠯ ᠬᠠᠩᠭᠠᠪᠠ